2024 ᠤᠨ ᠤ 1 — 2 ᠳ᠋ᠤᠭᠠᠷ ᠰᠠᠷ᠎ᠠ ᠳᠤ ᠪᠥᠬᠦ ᠣᠷᠣᠨ ᠤ ᠠᠵᠤ ᠠᠬᠤᠶ ᠲᠣᠭᠲᠠᠭᠤᠨ ᠢᠶᠠᠷ ᠡᠬᠢᠯᠡᠵᠦ᠂ ᠰᠠᠶᠢᠨ ᠡᠬᠢᠯᠡᠯᠲᠡ ᠲᠠᠢ ᠪᠣᠯᠪᠠ
ᠨᠡᠶᠢᠲᠡᠯᠡᠭᠰᠡᠨ ᠴᠠᠭ᠄
2024/4/7
       1 — 2 ᠳ᠋ᠤᠭᠠᠷ ᠰᠠᠷ᠎ᠠ ᠳᠤ᠂ ᠪᠥᠬᠦ ᠣᠷᠣᠨ ᠤ ᠳᠡᠭᠡᠳᠦ ᠳᠤᠤᠷᠠᠳᠤ ᠱᠠᠲᠤ ᠪᠠᠷ ᠢᠶᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠵᠦ᠂ ᠬᠠᠷᠠᠯᠲᠠ ᠪᠠᠨ ᠲᠣᠭᠲᠠᠭᠠᠨ᠂ ᠱᠠᠯᠠᠪᠳᠠᠨ ᠠᠳᠬᠤᠵᠤ ᠲᠦᠷᠭᠡᠨ ᠠᠵᠢᠯᠯᠠᠵᠤ᠂ ᠪᠥᠬᠦ ᠣᠷᠣᠨ ᠤ ᠠᠵᠤ ᠠᠬᠤᠶ ᠨᠢᠳᠤᠨᠤᠨ ᠠᠴᠠ ᠨᠠᠰᠢᠬᠢ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠪᠠᠨ ᠦᠷᠭᠦᠯᠵᠢᠯᠡᠭᠦᠯᠵᠦ᠂ ᠠᠯᠬᠤᠮ ᠢᠶᠠᠨ ᠯᠠᠪᠳᠠᠭᠤᠨ ᠪᠠᠲᠤᠲᠠᠶ ᠡᠬᠢᠯᠡᠭᠦᠯᠵᠦ᠂ ᠰᠠᠶᠢᠨ ᠰᠠᠶᠢᠬᠠᠨ ᠡᠬᠢᠯᠡᠯᠲᠡ ᠲᠠᠢ ᠪᠣᠯᠪᠠ᠃       ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠰᠢᠨ᠎ᠡ ᠬᠥᠳᠡᠯᠭᠡᠭᠴᠢ ᠡᠨᠧᠷᠭᠢ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠵᠦ ᠪᠠᠶᠢᠨ᠎ᠠ᠃        1 — 2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.0% ᠨᠡᠮᠡᠭᠳᠡᠪᠡ᠃ ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1.9% ᠨᠡᠮᠡᠭᠳᠡᠵᠦ᠂ ᠦᠢᠯᠡᠳᠬᠦ ᠦᠢᠯᠡᠰ 12.5% ᠨᠡᠮᠡᠭᠳᠡᠵᠦ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 13.7% ᠨᠡᠮᠡᠭᠳᠡᠪᠡ᠃ ᠠᠵᠤ ᠠᠬᠤᠶ ᠶᠢᠨ ᠲᠥᠷᠥᠯ ᠬᠡᠯᠪᠡᠷᠢ ᠠᠴᠠ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠵᠦ᠂ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ 6.9% ᠪᠠᠷ ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠪᠠᠯᠠ ᠣᠷᠣᠭᠤᠯᠤᠭᠰᠠᠨ ᠠᠵᠤ ᠠᠬᠤᠶᠢᠯᠠᠯ 14.7% ᠪᠠᠷ ᠨᠡᠮᠡᠭᠳᠡᠪᠡ᠃ ᠰᠢᠨ᠎ᠡ ᠬᠥᠳᠡᠯᠭᠡᠭᠴᠢ ᠡᠨᠧᠷᠭᠢ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠯ ᠢᠶᠠᠨ ᠪᠠᠲᠤᠯᠠᠪᠠ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ 11.5% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ 36.1% ᠪᠠᠷ ᠨᠡᠮᠡᠭᠳᠡᠪᠡ᠃ ᠭᠤᠤᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠠᠴᠠ ᠦᠵᠡᠪᠡᠯ᠂ ᠲᠦᠭᠦᠬᠡᠶ ᠨᠡᠭᠦᠷᠡᠰᠦᠨ ᠤ ᠭᠠᠷᠤᠯᠲᠠ 2.0 ᠳ᠋ᠦᠩᠰᠢᠭᠤᠷ ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.7% ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 1301.2 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 14.0% ᠢᠶᠠᠷ ᠨᠡᠮᠡᠭᠳᠡᠪᠡ︔ ᠴᠠᠭᠠᠨ ᠢᠳᠡᠭᠡᠨ ᠤ ᠭᠠᠷᠤᠯᠲᠠ 76.9 ᠲᠦᠮᠡᠨ ᠲᠣᠨ ᠳᠤ ᠬᠦᠷᠴᠦ᠂ 6.1% ᠪᠠᠷ ᠨᠡᠮᠡᠭᠳᠡᠪᠡ︔ ᠪᠤᠯᠤᠳ ᠮᠠᠲ᠋ᠧᠷᠢᠶᠠᠯ ᠤᠨ ᠭᠠᠷᠤᠯᠲᠠ 570.3 ᠲᠦᠮᠡᠨ ᠲᠣᠨ ᠳᠤ ᠬᠦᠷᠴᠦ᠂ 21.5% ᠪᠠᠷ ᠨᠡᠮᠡᠭᠳᠡᠪᠡ︔ ᠲᠠᠩ ᠲᠠᠯᠠᠰᠲᠤ ᠴᠠᠬᠢᠭᠤᠷ ᠤᠨ ᠭᠠᠷᠤᠯᠲᠠ 10.8 ᠲᠦᠮᠡᠨ ᠲᠣᠨ ᠳᠤ ᠬᠦᠷᠴᠦ᠂ 75.0% ᠢᠶᠠᠷ ᠨᠡᠮᠡᠭᠳᠡᠪᠡ︔ ᠣᠯᠠᠨ ᠲᠠᠯᠠᠰᠲᠤ ᠴᠠᠬᠢᠭᠤᠷ ᠤᠨ ᠭᠠᠷᠤᠯᠲᠠ 9.0 ᠲᠦᠮᠡᠨ ᠲᠣᠨ ᠳᠤ ᠬᠦᠷᠴᠦ᠂ 81.6% ᠪᠠᠷ ᠨᠡᠮᠡᠭᠳᠡᠪᠡ᠃       ᠬᠤᠶᠠᠷ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠲᠤᠯᠭᠠᠭᠤᠷᠢᠯᠠᠯ ᠬᠦᠴᠦᠲᠡᠶ ᠪᠣᠯᠪᠠ᠃        1 — 2 ᠳ᠋ᠤᠭᠠᠷ ᠰᠠᠷ᠎ᠠ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 31.8% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 36.4% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 25.2% ᠢᠶᠠᠷ ᠨᠡᠮᠡᠭᠳᠡᠪᠡ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 17.8% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 83.4% ᠪᠠᠷ ᠨᠡᠮᠡᠭᠳᠡᠵᠦ᠂ ᠬᠡᠷ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ 2.3% ᠪᠠᠷ ᠪᠠᠭᠤᠷᠠᠪᠠ᠃ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠡᠯᠡ ᠣᠷᠣᠭᠤᠯᠤᠯᠲᠠ ᠲᠦᠷᠭᠡᠨ ᠢᠶᠠᠷ ᠨᠡᠮᠡᠭᠳᠡᠪᠡ᠃ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.3 ᠳᠠᠬᠢᠨ ᠨᠡᠮᠡᠭᠳᠡᠪᠡ᠃ ᠡᠭᠦᠨ ᠳᠤ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 2.1 ᠳᠠᠬᠢᠨ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠠᠯᠠ ᠣᠷᠣᠭᠤᠯᠤᠯᠲᠠ 55.9% ᠨᠡᠮᠡᠭᠳᠡᠪᠡ᠃ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 69.9% ᠪᠠᠷ ᠨᠡᠮᠡᠭᠳᠡᠪᠡ᠃       ᠭᠤᠷᠪᠠ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠦᠷᠭᠦᠯᠵᠢᠯᠡᠨ ᠰᠡᠷᠭᠦᠵᠦ᠂ ᠲᠡᠰ ᠳᠡᠪᠰᠢᠭᠰᠡᠨ ᠲᠦᠷᠦᠯ ᠤᠨ ᠲᠠᠸᠠᠷ ᠤᠨ ᠪᠣᠷᠣᠯᠠᠭᠤᠯᠭ᠎ᠠ ᠲᠦᠷᠭᠡᠨ ᠨᠡᠮᠡᠭᠳᠡᠪᠡ᠃        1 — 2 ᠳ᠋ᠤᠭᠠᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 913.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.7% ᠪᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠢᠶᠠᠷ ᠬᠤᠪᠢᠶᠠᠪᠠᠯ᠂ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 18.6% ᠪᠠᠷ ᠨᠡᠮᠡᠭᠳᠡᠵᠦ᠂ ᠲᠠᠸᠠᠷ ᠤᠨ ᠵᠢᠵᠢᠭᠯᠡᠨ ᠪᠣᠷᠣᠯᠠᠭᠤᠯᠤᠯᠲᠠ 2.0% ᠪᠠᠷ ᠨᠡᠮᠡᠭᠳᠡᠪᠡ᠃ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠪᠣᠷᠣᠯᠠᠭᠤᠯᠭ᠎ᠠ ᠨᠡᠯᠢᠶᠡᠳ ᠰᠠᠶᠢᠨ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠲᠣᠰᠣ᠂ ᠢᠳᠡᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 22.2% ᠢᠶᠠᠷ ᠨᠡᠮᠡᠭᠳᠡᠵᠦ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠲᠥᠷᠥᠯ 13.6% ᠪᠠᠷ ᠨᠡᠮᠡᠭᠳᠡᠪᠡ᠃ ᠲᠠᠰ ᠳᠡᠪᠰᠢᠭᠦᠯᠬᠦ ᠲᠥᠷᠥᠯ ᠤᠨ ᠲᠠᠸᠠᠷ ᠤᠨ ᠪᠣᠷᠣᠯᠠᠭᠤᠯᠭ᠎ᠠ ᠲᠦᠷᠭᠡᠨ ᠢᠶᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠡᠯᠧᠺᠳ᠋ᠷᠣᠨ ᠬᠡᠪᠯᠡᠭᠳᠡᠬᠦᠨ ᠵᠢᠴᠢ ᠲᠠᠭᠤ ᠳᠦᠷᠰᠦ ᠰᠢᠩᠭᠡᠭᠡᠯᠲᠡ ᠶᠢᠨ ᠦᠢᠯᠡᠳᠬᠦᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 57.1% ᠪᠠᠷ ᠨᠡᠮᠡᠭᠳᠡᠵᠦ᠂ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ 87.1% ᠪᠠᠷ ᠨᠡᠮᠡᠭᠳᠡᠵᠦ᠂ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ 11.3% ᠪᠠᠷ ᠨᠡᠮᠡᠭᠳᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡ 54.6% ᠪᠠᠷ ᠨᠡᠮᠡᠭᠳᠡᠪᠡ᠃       ᠲᠦᠷᠪᠡ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠨᠠᠮᠵᠢᠭᠤᠨ ᠥᠰᠴᠦ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠨ᠎ᠡ ᠦᠷᠭᠦᠯᠵᠢᠯᠡᠨ ᠪᠠᠭᠤᠷᠠᠵᠤ ᠪᠠᠶᠢᠨ᠎ᠠ᠃        1 — 2 ᠳ᠋ᠤᠭᠠᠷ ᠰᠠᠷ᠎ᠠ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ︵CPI︶ ᠠᠳᠠᠯᠢ ᠬᠤᠭᠤᠴᠠᠭᠠᠨ ᠤ ᠬᠢ ᠠᠴᠠ 0.7% ᠪᠠᠷ ᠥᠰᠪᠡ᠃ ᠲᠥᠷᠥᠯ ᠬᠤᠪᠢᠶᠠᠵᠤ ᠦᠵᠡᠪᠡᠯ᠂ ᠢᠳᠡᠭᠡᠨ ᠪᠠ ᠠᠷᠢᠬᠢ ᠲᠠᠮᠠᠬᠢᠨ ᠤ ᠦᠨ᠎ᠡ ᠠᠳᠠᠯᠢ ᠬᠤᠭᠤᠴᠠᠭᠠᠨ ᠤ ᠬᠢ ᠠᠴᠠ 1.3% ᠪᠠᠷ ᠪᠠᠭᠤᠷᠠᠵᠤ᠂ ᠬᠤᠪᠴᠠᠰᠤ ᠬᠤᠨᠠᠷ ᠤᠨ ᠦᠨ᠎ᠡ 2.7% ᠪᠠᠷ ᠥᠰᠴᠦ᠂ ᠣᠷᠣᠨ ᠰᠠᠭᠤᠴᠠ ᠶᠢᠨ ᠦᠨ᠎ᠡ 0.4% ᠪᠠᠷ ᠥᠰᠴᠦ᠂ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ 2.0% ᠪᠠᠷ ᠥᠰᠴᠦ᠂ ᠵᠠᠮ ᠬᠠᠷᠢᠯᠴᠠᠭ᠎ᠠ ᠪᠠ ᠮᠡᠳᠡᠭᠡ ᠬᠤᠯᠪᠣᠭᠠᠨ ᠤ ᠦᠨ᠎ᠡ 1.1% ᠪᠠᠷ ᠪᠠᠭᠤᠷᠠᠵᠤ᠂ ᠰᠤᠷᠭᠠᠨ ᠬᠥᠮᠦᠵᠢᠯ ᠰᠣᠶᠣᠯ ᠪᠠ ᠵᠤᠭ᠎ᠠ ᠴᠡᠩᠭᠡᠯ ᠤᠨ ᠦᠨ᠎ᠡ 2.5% ᠪᠠᠷ ᠥᠰᠴᠦ᠂ ᠡᠮ ᠡᠮᠨᠡᠯᠭᠡ ᠡᠷᠡᠭᠦᠯᠵᠢᠯ ᠤᠨ ᠦᠨ᠎ᠡ 4.5% ᠪᠠᠷ ᠥᠰᠴᠦ᠂ ᠪᠤᠰᠤᠳ ᠬᠡᠷᠡᠭᠰᠡᠯ ᠪᠠ ᠦᠢᠯᠡᠴᠢᠯᠡᠭᠡᠨ ᠤ ᠦᠨ᠎ᠡ 4.4% ᠪᠠᠷ ᠥᠰᠴᠡᠶ᠃ ᠪᠥᠬᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ ᠦᠨ᠎ᠡ ᠠᠳᠠᠯᠢ ᠬᠤᠭᠤᠴᠠᠭᠠᠨ ᠤ ᠬᠢ ᠠᠴᠠ 6.6% ᠪᠠᠷ ᠪᠠᠭᠤᠷᠠᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠬᠤᠳᠠᠯᠳᠤᠨ ᠠᠪᠬᠤ ᠦᠨ᠎ᠡ ᠠᠳᠠᠯᠢ ᠬᠤᠭᠤᠴᠠᠭᠠᠨ ᠤ ᠬᠢ ᠠᠴᠠ 5.8% ᠪᠠᠷ ᠪᠠᠭᠤᠷᠠᠪᠠ᠃       ᠶᠡᠷᠦᠩᠬᠡᠶ ᠳᠤᠨᠢ ᠠᠪᠴᠤ ᠦᠵᠡᠪᠡᠯ᠂ ᠵᠢᠯ ᠤᠨ ᠡᠬᠢᠨ ᠠᠴᠠ ᠨᠠᠰᠢ᠂ ᠪᠦᠬᠦ ᠣᠷᠣᠨ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠠᠯᠢᠪᠠ ᠠᠰᠢᠭᠲᠠᠶ ᠴᠠᠭ ᠲᠣᠬᠢᠶᠠᠯ ᠢ ᠵᠠᠪᠳᠤᠨ᠂ ᠠᠯᠢᠪᠠ ᠬᠦᠴᠦᠲᠡᠶ ᠨᠥᠬᠦᠴᠡᠯ ᠢ ᠰᠠᠶᠢᠲᠤᠷ ᠬᠡᠷᠡᠭᠯᠡᠵᠦ᠂ ᠨᠡᠮᠡᠭᠳᠡᠯ ᠢ ᠬᠦᠴᠦᠯᠡᠨ ᠲᠣᠭᠲᠠᠪᠤᠷᠢᠵᠢᠭᠤᠯᠵᠤ᠂ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠤᠭᠠᠳ᠂ ᠪᠦᠬᠦ ᠣᠷᠣᠨ ᠤ ᠠᠵᠤ ᠠᠬᠤᠶ ᠲᠣᠭᠲᠠᠭᠤᠨ ᠢᠶᠠᠷ ᠰᠠᠶᠢᠵᠢᠷᠠᠪᠠ᠃ ᠳᠠᠷᠠᠭᠠᠴᠢ ᠶᠢᠨ ᠠᠯᠬᠤᠮ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠣᠯᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠤᠯ ᠰᠢᠵᠢᠮ ᠪᠣᠯᠭᠠᠨ᠂ ᠰᠢᠨ᠎ᠡ ᠵᠠᠮ ᠨᠡᠭᠡᠭᠡᠨ᠂ ᠳᠤᠮᠳᠠ ᠲᠦᠪᠰᠢᠨ ᠳᠤ ᠤᠷᠤᠭᠰᠢᠯᠠᠬᠤ ᠬᠠᠷᠠᠯᠲᠠ ᠶᠢ ᠴᠢᠩᠭ᠎ᠠ ᠪᠠᠷᠢᠮᠳᠠᠯᠠᠵᠤ᠂ ᠦᠢᠯᠡᠳᠪᠦᠷᠢᠯᠡᠯ ᠢ ᠲᠣᠭᠲᠠᠪᠤᠷᠢᠵᠢᠭᠤᠯᠵᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠲᠠᠯ᠎ᠠ ᠪᠠᠷ ᠳᠠᠬᠢᠨ ᠬᠦᠴᠦᠯᠡᠨ᠂ ᠳᠣᠲᠣᠭᠠᠳᠤ ᠬᠡᠷᠡᠭᠴᠡᠭᠡ ᠶᠢ ᠥᠷᠭᠡᠳᠬᠡᠵᠦ ᠬᠡᠷᠡᠭᠯᠡᠭᠡ ᠶᠢ ᠠᠬᠢᠭᠤᠯᠬᠤ ᠲᠠᠯ᠎ᠠ ᠪᠠᠷ ᠳᠠᠬᠢᠨ ᠲᠦᠷᠭᠡᠳᠭᠡᠵᠦ᠂ ᠪᠦᠲᠦᠴᠡ ᠶᠢ ᠲᠣᠬᠢᠷᠠᠭᠤᠯᠵᠤ ᠴᠢᠳᠠᠮᠵᠢ ᠶᠢ ᠬᠤᠪᠢᠷᠠᠭᠤᠯᠬᠤ ᠲᠠᠯ᠎ᠠ ᠪᠠᠷ ᠳᠠᠬᠢᠨ ᠦᠷ᠎ᠡ ᠪᠦᠲᠦᠮᠵᠢ ᠶᠢ ᠳᠡᠭᠡᠭᠰᠢᠯᠡᠬᠦᠯᠦᠨ᠂ ᠠᠵᠤ ᠠᠬᠤᠢ ᠶᠢᠨ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠲᠠᠰᠤᠷᠠᠯᠲᠠ ᠦᠭᠡᠢ ᠪᠠᠬᠢᠵᠢᠬᠦᠯᠵᠦ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ᠃ 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠤᠪᠴᠢᠶ᠎ᠠ