ᠦᠨᠢᠶᠡᠨ ᠰᠦ ᠶᠢ ᠶᠠᠭᠠᠬᠢᠵᠤ ᠰᠣᠩᠭᠤᠬᠤ ᠪᠤᠢ︖ ᠡᠨᠡ ᠬᠡᠳᠦᠨ ᠲᠠᠯ᠎ᠠ ᠶᠢ ᠠᠩᠬᠠᠷᠤᠭᠠᠷᠠᠢ︕
ᠨᠡᠶᠢᠲᠡᠯᠡᠭᠰᠡᠨ ᠴᠠᠭ᠄
2024/4/8
       ᠡᠩ ᠲᠡᠷᠢᠭᠦᠨ ᠳᠤ᠂ ᠪᠣᠯᠪᠠᠰᠤᠷᠠᠭᠤᠯᠬᠤ ᠨᠢ ᠬᠡᠳᠦᠶ ᠲᠥᠬᠦᠮ ᠪᠣᠯ ᠦᠨᠢᠶᠡᠨ ᠰᠦ ᠶᠢᠨ ᠳᠣᠲᠣᠷᠠᠬᠢ ᠰᠢᠮ᠎ᠡ ᠲᠡᠵᠢᠭᠡᠯᠲᠦ ᠡᠳ᠋ ᠤᠨ ᠬᠤᠬᠢᠷᠠᠯ ᠲᠡᠳᠦᠶ ᠪᠠᠭ᠎ᠠ ᠪᠠᠶᠢᠳᠠᠭ᠂ ᠬᠡᠷ ᠲᠡᠭᠡᠨ ᠫᠠᠰᠳᠧᠷ ᠨᠡᠷᠡᠮᠵᠢᠳᠦ ᠰᠦ ᠶᠢ ᠤᠷᠢᠳ ᠢᠶᠠᠷ ᠰᠣᠩᠭᠤᠵᠤ ᠪᠣᠯᠤᠨ᠎ᠠ᠃       ᠳᠠᠷᠠᠭ᠎ᠠ ᠳᠤᠨᠢ᠂ ᠦᠨᠢᠶᠡᠨ ᠰᠦ ᠶᠢᠨ ᠭᠠᠳᠠᠷ ᠪᠤᠭᠤᠳᠠᠯ ᠢ ᠦᠵᠡᠵᠦ ᠰᠤᠷᠬᠤ ᠬᠡᠷᠡᠭᠲᠡᠶ᠃ ᠨᠢᠭᠡ ᠳᠤ ᠨᠠᠶᠢᠷᠠᠯᠭ᠎ᠠ ᠶᠢᠨ ᠬᠦᠰᠦᠨᠦᠭᠲᠦ ᠶᠢ ᠦᠵᠡᠬᠦ ᠭᠡᠷᠡᠭᠳᠡᠢ᠃ ᠲᠦᠭᠦᠬᠡᠶ ᠡᠳ᠋ ᠨᠢ ᠵᠥᠪᠬᠡᠨ ᠰᠢᠨ᠎ᠡ ᠰᠦ ᠪᠠᠷ ᠨᠡᠶᠢᠷᠠᠬᠰᠠᠨ ᠢ ᠰᠤᠩᠭᠤᠬᠤ ᠬᠡᠷᠡᠭᠳᠡᠢ᠂ ᠡᠶᠢᠮᠦ ᠰᠦ ᠨᠢ ᠰᠠᠶ᠋ᠢ ᠴᠡᠪᠡᠷ ᠰᠦ ᠪᠤᠯᠤᠨ᠎ᠠ᠃ ᠬᠤᠶᠠᠷ ᠲᠤ ᠰᠢᠮ᠎ᠡ ᠲᠡᠵᠢᠭᠡᠯ ᠤᠨ ᠪᠦᠷᠢᠯᠳᠦᠬᠦᠨ ᠤ ᠬᠦᠰᠦᠨᠦᠭᠲᠦ ᠶᠢ ᠦᠵᠡᠬᠦ ᠭᠡᠷᠡᠭᠳᠡᠢ᠃ ᠤᠯᠤᠰ ᠤᠨ ᠬᠠᠮᠢᠶ᠎ᠠ ᠪᠥᠬᠦᠶ ᠪᠠᠷᠢᠮᠵᠢᠶ᠎ᠠ ᠶᠢᠨ ᠱᠠᠭᠠᠷᠳᠠᠯᠭ᠎ᠠ ᠶᠢ ᠦᠨᠳᠦᠰᠦᠯᠡᠪᠡᠯ᠂ ᠦᠨᠢᠶᠡᠨ ᠰᠦ ᠳᠠᠬᠢ ᠤᠭᠤᠷᠠᠭ ᠤᠨ ᠠᠭᠤᠯᠤᠭᠳᠠᠴᠠ ᠨᠢ 100 ᠮᠢᠯᠢᠯᠢᠲᠷ ᠪᠦᠷᠢ ᠳᠤ 2.8 ᠭᠷᠠᠮ ᠠᠴᠠ ᠳᠤᠤᠷ᠎ᠠ ᠪᠠᠶᠢᠵᠤ ᠪᠣᠯᠬᠤ ᠥᠬᠡᠶ᠃ ᠤᠭᠤᠷᠠᠭ ᠤᠨ ᠠᠭᠤᠯᠤᠭᠳᠠᠴᠠ ᠬᠡᠳᠦᠶ ᠥᠨᠳᠥᠷ ᠪᠣᠯ ᠰᠢᠮ᠎ᠡ ᠲᠡᠵᠢᠭᠡᠯ ᠨᠢ ᠠᠶᠠᠨᠳᠠᠭᠠᠨ ᠲᠡᠳᠦᠶ ᠥᠨᠳᠥᠷ ᠪᠠᠶᠢᠳᠠᠭ᠃ ᠶᠡᠷᠦ ᠳᠡᠭᠡᠨ 100 ᠮᠢᠯᠢᠯᠢᠲᠷ ᠦᠨᠢᠶᠡᠨ ᠰᠦ ᠳᠣᠲᠣᠷᠠᠬᠢ ᠺᠠᠯᠼ ᠤᠨ ᠠᠭᠤᠯᠤᠭᠳᠠᠴᠠ ᠨᠢ 90 ~120 ᠮᠢᠯᠢᠭᠷᠡᠮ ᠪᠠᠶᠢᠳᠠᠭ︔ ᠬᠡᠷᠪᠡ ᠺᠠᠯᠼ ᠤᠨ ᠠᠭᠤᠯᠤᠭᠳᠠᠴᠠ ᠨᠢ 120 ᠮᠢᠯᠢᠭᠷᠡᠮ ᠠᠴᠠ ᠥᠨᠳᠥᠷ ᠪᠠᠶᠢᠪᠠᠯ ᠲᠡᠭᠦᠨ ᠢ ᠳᠠᠷᠤᠢ ᠺᠠᠯᠼ ᠥᠨᠳᠥᠷ ᠰᠦ ᠭᠡᠨ᠎ᠡ᠃       ᠬᠠᠮᠤᠭ ᠰᠡᠭᠦᠯ ᠳᠤ᠂ ᠦᠨᠢᠶᠡᠨ ᠰᠦ ᠶᠢ ᠰᠣᠩᠭᠤᠬᠤ ᠳᠤ ᠬᠥᠮᠦᠨ ᠬᠥᠮᠦᠨ ᠤ ᠪᠠᠶᠢᠳᠠᠯ ᠳᠤᠨᠢ ᠲᠤᠬᠢᠷᠠᠭᠤᠯᠤᠨ ᠰᠤᠩᠭᠤᠬᠤ ᠪᠠᠶᠢᠬᠤ ᠬᠡᠷᠡᠭᠲᠡᠶ᠂ ᠲᠤᠰᠤ ᠶᠢ  ᠨᠢ ᠠᠪᠤᠬᠰᠠᠨ ᠰᠦ ᠨᠢ ᠨᠠᠩ ᠢᠯᠡᠬᠦᠦ ᠡᠷᠡᠭᠦᠯ ᠴᠢᠭᠢᠷᠠᠭ ᠲᠤ ᠠᠰᠢᠬᠳᠠᠢ ᠪᠢᠰᠢ ᠶᠤᠮ᠃ ᠬᠡᠷᠪᠡ ᠲᠠ ᠴᠢᠰᠤᠨ ᠤ ᠥᠭᠡᠬᠦ ᠬᠡᠪ ᠤᠨ ᠪᠤᠰᠤ ᠪᠠᠶᠢᠳᠠᠯ ᠲᠠᠢ ᠪᠣᠯ ᠵᠣᠬᠢᠬᠤ ᠬᠡᠮᠵᠢᠶᠡᠨ ᠤ ᠲᠤᠰᠤ ᠶᠢ ᠨᠢ ᠠᠪᠤᠬᠰᠠᠨ ᠰᠦ ᠪᠤᠶᠤ ᠲᠤᠰᠤ ᠶᠢ ᠨᠢ ᠬᠠᠭᠠᠰ ᠠᠪᠤᠬᠰᠠᠨ ᠰᠦ ᠶᠢ ᠰᠣᠩᠭᠤᠵᠤ ᠪᠣᠯᠤᠨ᠎ᠠ᠃ ᠨᠠᠰᠤᠲᠠᠶᠢᠴᠤᠳ ᠪᠠ ᠬᠡᠦᠬᠡᠳ ᠲᠤ ᠠᠪᠴᠤ ᠬᠡᠯᠡᠪᠡᠯ᠂ ᠦᠨᠡᠨ ᠳᠡᠭᠡᠨ ᠴᠤᠯᠤ ᠰᠦ ᠤᠤᠭᠤᠪᠡᠯ ᠨᠡᠩ ᠰᠠᠶᠢᠨ ᠶᠤᠮ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ