ᠰᠢᠨ᠎ᠡ ᠡᠨᠧᠷᠭᠢ ᠶᠢᠨ ᠮᠠᠰᠢᠨ ᠲᠡᠷᠭᠡ ᠬᠤᠶᠢᠨ᠎ᠠ ᠬᠤᠶᠢᠨ᠎ᠠ ᠠᠴᠠ ᠪᠠᠨ ᠬᠢᠮᠳᠠᠷᠠᠵᠤ ᠪᠠᠶᠢᠬᠤ ᠳᠤ ᠮᠠᠰᠢᠨ ᠲᠡᠷᠭᠡᠨ ᠤ ᠳᠠᠭᠠᠳᠬᠠᠯ ᠤᠨ ᠰᠦᠢᠳᠭᠡᠯ ᠶᠠᠭᠠᠬᠢᠭᠠᠳ ᠪᠠᠭᠤᠷᠠᠳᠠᠭ ᠥᠬᠡᠶ ᠪᠣᠶ︖
ᠨᠡᠶᠢᠲᠡᠯᠡᠭᠰᠡᠨ ᠴᠠᠭ᠄
2024/4/8
       ᠡᠨᠡ ᠵᠢᠯ ᠠᠴᠠ ᠨᠠᠭᠠᠰᠢ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠣᠯᠠᠨ ᠠᠵᠤ ᠠᠬᠤᠶᠢᠯᠠᠯ ᠨᠢ ᠬᠡᠰᠡᠭ ᠨᠠᠷᠠᠲᠤ ᠲᠡᠮᠳᠡᠭᠲᠦ ᠮᠠᠰᠢᠨ ᠲᠡᠷᠭᠡᠨ ᠤ ᠪᠠᠨ ᠦᠨ᠎ᠡ ᠶᠢ ᠪᠠᠭᠤᠷᠠᠭᠤᠯᠬᠤ ᠪᠤᠶᠤ ᠬᠤᠭᠤᠴᠠᠭ᠎ᠠ ᠲᠣᠭᠲᠠᠭᠠᠨ ᠬᠠᠷᠠᠭᠠᠯᠵᠠᠯ ᠬᠦᠷᠳᠡᠭᠡᠨ᠎ᠡ ᠭᠡᠵᠦ ᠨᠡᠶᠢᠲᠡᠯᠡᠪᠡ᠃ ᠭᠡᠪᠡᠴᠦ ᠲᠣᠰᠣ ᠰᠢᠲᠠᠭᠠᠳᠠᠭ ᠲᠡᠷᠭᠡ ᠲᠠᠢ ᠬᠠᠷᠢᠴᠠᠭᠤᠯᠪᠠᠯ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠠᠭᠠᠳᠬᠠᠯ ᠤᠨ ᠰᠦᠢᠳᠭᠡᠯ ᠤᠨ ᠦᠨ᠎ᠡ ᠨᠢ ᠥᠨᠳᠥᠷ ᠰᠢᠭ ᠪᠠᠶᠢᠳᠠᠭ᠃ ᠬᠤᠲᠠ ᠶᠢᠨ ᠠᠷᠠᠳ ᠽᠠᠩ ᠠᠪᠠᠭ᠋ᠠᠶ ᠬᠡᠯᠡᠬᠦ ᠳᠡᠭᠡᠨ᠂ ᠲᠡᠭᠦᠨ ᠤ ᠮᠠᠰᠢᠨ ᠲᠡᠷᠭᠡᠨ ᠤ ᠳᠠᠭᠠᠳᠬᠠᠯ ᠤᠨ ᠰᠦᠢᠳᠭᠡᠯ 8000 ᠭᠠᠷᠤᠶ ᠲᠥᠭᠦᠷᠢᠭ ᠪᠤᠯᠤᠨ᠎ᠠ᠂ ᠡᠨᠡ ᠨᠢ ᠠᠳᠠᠯᠢ ᠲᠠᠰ ᠤᠨ ᠲᠣᠰᠣ ᠰᠢᠲᠠᠭᠠᠳᠠᠭ ᠮᠠᠰᠢᠨ ᠲᠡᠷᠭᠡᠨ ᠤ ᠳᠠᠭᠠᠳᠬᠠᠯ ᠤᠨ ᠰᠦᠢᠳᠭᠡᠯ ᠠᠴᠠ 2000 ᠲᠥᠭᠦᠷᠢᠭ ᠣᠷᠴᠢᠮ ᠥᠨᠳᠥᠷ ᠶᠤᠮ ᠬᠡᠪᠡ᠃       ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠳᠣᠬᠠᠨ ᠳᠤ ᠬᠡᠰᠡᠭ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠤᠳᠠᠯᠳᠤᠬᠤ ᠦᠨ᠎ᠡ ᠨᠡᠯᠢᠶᠡᠳ ᠳᠤᠤᠷ᠎ᠠ ᠪᠠᠶᠢᠨ᠎ᠠ᠂ ᠭᠡᠪᠡᠴᠦ ᠮᠠᠰᠢᠨ ᠲᠡᠷᠭᠡᠨ ᠤ ᠦᠨ᠎ᠡ ᠶᠢᠨ ᠲᠣᠬᠢᠷᠠᠭᠤᠯᠤᠯᠲᠠ ᠲᠠᠢ ᠬᠠᠷᠢᠴᠠᠭᠤᠯᠪᠠᠯ᠂ ᠮᠠᠰᠢᠨ ᠲᠡᠷᠭᠡᠨ ᠤ ᠳᠠᠭᠠᠳᠬᠠᠯ ᠤᠨ ᠦᠨ᠎ᠡ ᠨᠢ ᠢᠯᠡᠳᠲᠡ ᠪᠠᠭᠤᠷᠠᠭᠰᠠᠨ ᠥᠬᠡᠶ᠃ ᠣᠳᠣᠬᠠᠨ ᠳᠤ᠂ ᠬᠡᠳᠦ᠋ᠢᠪᠡᠷ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠨ᠎ᠡ ᠬᠠᠩᠰᠢ ᠬᠢᠮᠳᠠ ᠪᠣᠯᠤᠭᠰᠠᠨ ᠪᠣᠯᠪᠠᠴᠤ 4 S ᠳᠡᠯᠭᠡᠭᠦᠷ ᠤᠨ ᠰᠡᠯᠪᠢᠨ ᠵᠠᠰᠠᠬᠤ ᠦᠨ᠎ᠡ ᠨᠢ ᠪᠠᠭᠤᠷᠠᠭᠤᠯᠤᠭᠰᠠᠨ ᠦᠭᠡᠢ᠂ 4 S ᠳᠡᠯᠭᠡᠭᠦᠷ ᠤᠨ ᠰᠡᠯᠪᠢᠭ ᠲᠤᠨᠤᠭ ᠤᠨ ᠦᠨ᠎ᠡ ᠬᠠᠩᠰᠢ᠂ ᠠᠵᠢᠯᠴᠢᠨ ᠤ ᠠᠵᠢᠯᠯᠠᠬᠤ ᠴᠠᠭ ᠤᠨ ᠰᠦᠢᠳᠭᠡᠯ ᠵᠡᠷᠭᠡ ᠨᠢ ᠮᠥᠨ ᠬᠦ ᠥᠩᠭᠡᠷᠡᠭᠰᠡᠨ ᠤ ᠬᠢ ᠲᠠᠢ  ᠠᠳᠠᠯᠢ  ᠪᠣᠯᠬᠤᠷ ᠳᠠᠭᠠᠳᠬᠠᠯ ᠤᠨ ᠺᠣᠮᠫᠠᠨᠢ ᠨᠢ ᠪᠦᠬᠦᠯᠢ ᠮᠠᠰᠢᠨ ᠲᠡᠷᠭᠡᠨ ᠤ ᠦᠨ᠎ᠡ ᠬᠠᠨᠭ᠍ᠰᠢ ᠶᠢᠨ ᠪᠠᠭᠤᠷᠠᠯᠳᠠ ᠲᠤᠮᠳᠠ ᠠᠴᠠ ᠭᠦᠢᠴᠡᠳ ᠠᠰᠢᠭ ᠬᠤᠨᠵᠢᠪᠣᠷᠢ ᠣᠯᠤᠭᠰᠠᠨ ᠦᠭᠡᠢ ᠶᠤᠮ᠃       ᠤᠮᠠᠷᠠᠲᠤ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠰᠢᠨ᠎ᠡ ᠶᠢ ᠡᠭᠦᠳᠬᠦ ᠰᠤᠳᠤᠯᠭᠠᠨ ᠤ ᠲᠥᠪ ᠤᠨ ᠰᠤᠳᠤᠯᠤᠭᠴᠢ ᠵᠠᠩ ᠰᠢᠶᠠᠩ ᠬᠡᠯᠡᠬᠦ ᠳᠡᠭᠡᠨ᠂ ᠰᠢᠨ᠎ᠡ ᠡᠨᠧᠷᠭᠢ ᠶᠢᠨ ᠮᠠᠰᠢᠨ ᠲᠡᠷᠭᠡ ᠪᠣᠯᠤᠨ ᠲᠣᠰᠣ ᠰᠢᠲᠠᠭᠠᠳᠠᠭ ᠮᠠᠰᠢᠨ ᠲᠡᠷᠭᠡᠨ ᠤ ᠵᠢᠯᠣᠭᠤᠳᠬᠤ ᠣᠨᠴᠠᠯᠢᠭ ᠨᠢ ᠮᠠᠰᠢ ᠶᠡᠭᠡ ᠢᠯᠭᠠᠭ᠎ᠠ ᠲᠠᠢ ᠪᠠᠶᠢᠳᠠᠭ᠃ ᠰᠢᠨ᠎ᠡ ᠡᠨᠧᠷᠭᠢ ᠶᠢᠨ ᠮᠠᠰᠢᠨ ᠲᠡᠷᠭᠡ ᠨᠢ ᠶᠡᠷᠦ ᠳᠡᠭᠡᠨ ᠣᠶᠤᠨᠴᠢ ᠪᠠᠷ ᠰᠦᠯᠵᠢᠶ᠎ᠡ ᠬᠤᠯᠪᠣᠬᠤ᠂ ᠠᠦ᠋ᠲ᠋ᠣ᠋ ᠪᠠᠷ ᠵᠢᠯᠣᠭᠤᠳᠬᠤ ᠵᠡᠷᠭᠡ ᠣᠨᠴᠠᠯᠢᠭ ᠲᠠᠢ ᠪᠠᠶᠢᠳᠠᠭ᠂ ᠳᠠᠭᠠᠳᠬᠠᠯ ᠤᠨ ᠺᠣᠮᠫᠠᠨᠢ ᠨᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠨᠡ ᠲᠠᠯ᠎ᠠ ᠪᠠᠷ ᠬᠢ ᠲᠥᠯᠥᠪᠦᠷᠢ ᠥᠭᠬᠦ ᠨᠣᠷᠮ᠎ᠠ ᠨᠡᠯᠢᠶᠡᠳ ᠥᠨᠳᠥᠷ ᠪᠠᠶᠢᠬᠤ ᠶᠢ ᠣᠯᠵᠤ ᠮᠡᠳᠡᠵᠡᠶ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠠᠭᠠᠳᠬᠠᠯ ᠢ ᠠᠰᠢᠭ ᠣᠯᠵᠠᠪᠤᠷᠢ ᠲᠠᠢ ᠪᠠᠶᠢᠯᠭᠠᠬᠤ ᠶᠢᠨ ᠲᠥᠯᠥᠭᠡ᠂ ᠳᠠᠭᠠᠳᠬᠠᠯ ᠤᠨ ᠺᠣᠮᠫᠠᠨᠢ ᠨᠢ ᠮᠠᠰᠢᠨ ᠲᠡᠷᠭᠡᠨ ᠤ ᠳᠠᠭᠠᠳᠬᠠᠯ ᠤᠨ ᠦᠨ᠎ᠡ ᠬᠠᠩᠰᠢ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠳᠠᠭ ᠬᠡᠪᠡ᠃       ᠡᠭᠦᠨ ᠤ ᠬᠠᠮᠲᠤ᠂ ᠠᠵᠢᠯ ᠲᠥᠷᠥᠯ ᠤᠨ ᠬᠥᠮᠦᠰ ᠬᠡᠯᠡᠬᠦ ᠳᠡᠭᠡᠨ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠥᠷᠢᠰᠥᠯᠳᠦᠭᠡᠨ ᠬᠤᠷᠴᠠ ᠰᠢᠷᠦᠭᠦᠨ ᠪᠠᠶᠢᠵᠤ᠂ ᠵᠠᠷᠢᠮ ᠮᠠᠰᠢᠨ ᠲᠡᠷᠭᠡᠨ ᠤ ᠠᠵᠤ ᠠᠬᠤᠶᠢᠯᠠᠯ ᠨᠢ ᠨᠢᠭᠡ ᠵᠢᠯ ᠪᠣᠯᠤᠭᠠᠳᠤᠶ ᠪᠠᠷ ᠮᠠᠰᠢᠨ ᠲᠡᠷᠭᠡᠨ ᠤ ᠪᠠᠨ ᠬᠡᠯᠪᠡᠷᠢ ᠶᠢ ᠲᠠᠰ ᠳᠡᠪᠰᠢᠭᠦᠯᠵᠦ ᠪᠠᠶᠢᠨ᠎ᠠ᠂ ᠡᠨᠡ ᠨᠢ ᠮᠠᠰᠢ ᠣᠯᠠᠨ ᠮᠠᠰᠢᠨ ᠲᠡᠷᠭᠡ ᠭᠠᠷᠤᠭᠠᠳ ᠲᠡᠮᠡᠢ ᠬᠡᠳᠦᠨ ᠵᠢᠯ ᠪᠣᠯᠤᠭ᠎ᠠ ᠥᠬᠡᠶ ᠪᠠᠷ ᠦᠢᠯᠡᠳᠪᠦᠷᠢᠯᠡᠯ ᠢᠶᠠᠨ ᠵᠤᠬᠰᠤᠭᠠᠬᠰᠠᠨ ᠢ ᠬᠠᠷᠠᠭᠤᠯᠵᠤ ᠪᠠᠶᠢᠬᠤ ᠪᠦᠭᠡᠳ  ᠪᠠᠰᠠ ᠳᠠᠭᠠᠳᠬᠠᠯ ᠤᠨ ᠺᠣᠮᠫᠠᠨᠢ ᠶᠢᠨ ᠲᠥᠯᠥᠪᠦᠷᠢ ᠶᠢᠨ ᠬᠤᠬᠢᠷᠠᠯ ᠢ ᠲᠣᠭᠲᠠᠭᠠᠬᠤ ᠳᠤ ᠬᠦᠴᠢᠷᠳᠡᠯ ᠲᠤᠯᠭᠠᠷᠠᠬᠰᠠᠨ ᠢ ᠬᠠᠷᠠᠭᠤᠯᠵᠤ ᠪᠠᠶᠢᠨ᠎ᠠ ᠬᠡᠵᠡᠢ᠃       ᠭᠠᠳᠠᠭᠠᠳᠤ ᠠᠵᠤ ᠠᠬᠤᠶ ᠠᠷᠠᠯᠵᠢᠶᠠᠨ ᠤ ᠶᠡᠭᠡ ᠰᠤᠷᠭᠠᠭᠤᠯᠢ ᠶᠢᠨ ᠳᠠᠭᠠᠳᠬᠠᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠸᠠᠩ ᠭᠦᠸᠧ ᠵᠢᠶᠦ᠋ᠨ ᠬᠡᠯᠡᠬᠦ ᠳᠡᠭᠡᠨ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠠᠭᠠᠳᠬᠠᠯ ᠤᠨ ᠦᠨ᠎ᠡ ᠬᠠᠩᠰᠢ ᠶᠢ ᠨᠥᠯᠥᠭᠡᠯᠡᠬᠦ ᠬᠦᠴᠦᠨ ᠵᠦᠢᠯ ᠮᠠᠰᠢ ᠣᠯᠠᠨ ᠪᠤᠢ᠂ ᠭᠡᠪᠡᠴᠦ ᠲᠡᠭᠦᠨ ᠤ ᠦᠨ᠎ᠡ ᠬᠠᠩᠰᠢ ᠶᠢ ᠪᠠᠭᠤᠷᠠᠭᠤᠯᠬᠤ ᠬᠦᠴᠦᠨ ᠵᠦᠢᠯ ᠨᠢ ᠶᠡᠷᠦᠨᠢ ᠲᠡᠭᠦᠨ ᠤ ᠦᠨ᠎ᠡ ᠬᠠᠩᠰᠢ ᠶᠢ ᠥᠰᠬᠡᠬᠦ ᠨᠥᠯᠥᠭᠡ ᠶᠢ ᠳᠠᠭᠠᠭᠠᠵᠦ ᠲᠡᠶᠢᠯᠬᠦ ᠥᠬᠡᠶ ᠪᠠᠶᠢᠳᠠᠭ ᠬᠡᠪᠡ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ