ᠦᠵᠦᠮ ᠤᠨ ᠴᠠᠶᠢᠷᠠᠵᠤ ᠢᠯᠵᠠᠷᠠᠬᠤ ᠡᠪᠡᠳᠴᠢᠨ
ᠨᠡᠶᠢᠲᠡᠯᠡᠭᠰᠡᠨ ᠴᠠᠭ᠄
2024/4/9
       1. ᠰᠢᠨᠵᠢ ᠲᠡᠮᠳᠡᠭ       ᠲᠣᠰ ᠡᠪᠡᠳᠴᠢᠨ ᠬᠡᠵᠢᠶᠡᠳᠡ ᠤᠷᠢᠳᠠᠪᠠᠷ ᠵᠢᠮᠢᠰ ᠤᠨ ᠪᠠᠷᠢᠭᠤᠯ ᠳᠡᠭᠡᠷ᠎ᠡ ᠡᠪᠡᠳᠴᠢᠨ ᠡᠭᠦᠰᠴᠦ᠂ ᠡᠬᠢᠯᠡᠭᠡᠳ ᠤᠰᠣᠳᠤᠭᠰᠠᠨ ᠮᠠᠶ᠋ᠢᠭ ᠤᠨ ᠬᠥᠶᠦᠬᠡᠨ ᠬᠦᠷᠡᠩ ᠥᠩᠭᠡᠲᠡᠢ ᠡᠮᠬᠢ ᠵᠠᠮᠪᠠᠷᠠᠭ᠎ᠠ ᠦᠭᠡᠢ ᠡᠪᠡᠳᠴᠢᠨ ᠤ ᠲᠣᠯᠪᠤ ᠭᠠᠷᠴᠤ᠂ ᠠᠭᠠᠵᠢᠮ ᠢᠶᠠᠷ ᠵᠢᠮᠢᠰ ᠤᠨ ᠮᠥᠬᠦᠯᠢᠭ ᠵᠦᠭ ᠲᠠᠷᠬᠠᠵᠲ᠋ᠡᠯᠡᠷᠡᠳᠡᠭ᠃ ᠵᠢᠮᠢᠰ ᠤᠨ ᠣᠴᠣᠭᠤᠷ ᠬᠡᠰᠡᠭ ᠨᠢ ᠤᠷᠢᠲᠠᠪᠠᠷ ᠭᠦᠶᠦᠬᠡᠨ ᠬᠦᠷᠡᠩ ᠥᠩᠭᠡᠲᠡᠢ ᠪᠣᠯᠵᠤ ᠬᠤᠪᠢᠷᠠᠵᠤ ᠢᠯᠵᠠᠷᠠᠳᠠᠭ᠂ ᠳᠠᠷᠠᠭ᠎ᠠ ᠪᠠᠷ ᠪᠥᠬᠦ ᠵᠢᠮᠢᠰ ᠨᠢ ᠬᠦᠷᠡᠩ ᠥᠩᠭᠡᠲᠡᠢ ᠪᠣᠯᠵᠤ ᠢᠯᠵᠠᠷᠠᠭᠠᠳ ᠵᠢᠮᠢᠰ ᠤᠨ ᠪᠠᠷᠢᠭᠤᠯ ᠤᠨ ᠡᠰᠢ ᠨᠢ ᠦᠬᠦᠰᠢᠷᠡᠵᠦ ᠬᠠᠳᠠᠳᠠᠭ᠃ ᠡᠪᠡᠳᠴᠢᠲᠡᠢ ᠵᠢᠮᠢᠰ ᠨᠢ ᠠᠭᠠᠵᠢᠮ ᠢᠶᠠᠷ ᠤᠰᠤ ᠠᠯᠳᠠᠵᠤ ᠬᠠᠲᠠᠵᠤ ᠠᠪᠴᠢᠭᠠᠳ ᠭᠦᠨ ᠬᠦᠷᠡᠩ ᠥᠩᠭᠡᠲᠡᠢ ᠮᠣᠳᠣᠯᠢᠭ ᠵᠢᠮᠢᠰ ᠪᠣᠯᠳᠠᠭ᠂ ᠡᠪᠡᠳᠴᠢᠨ ᠨᠢ ᠬᠦᠨᠳᠦᠷᠡᠬᠦ ᠦᠶ᠎ᠡ ᠳᠤ ᠪᠥᠬᠦ ᠲᠦᠷᠦᠭᠦᠦ ᠨᠢ ᠢᠯᠴᠠᠷᠠᠳᠠᠭ᠃        ᠮᠥᠴᠢᠷ ᠲᠤ ᠡᠪᠡᠳᠴᠢᠨ ᠡᠭᠦᠰᠬᠦ ᠨᠢ ᠶᠡᠷᠦ ᠳᠡᠭᠡᠨ ᠣᠷᠣᠢ ᠳᠠᠷᠤᠬᠤ ᠬᠡᠰᠡᠭ ᠪᠤᠶᠤ ᠮᠧᠬᠠᠨᠢᠭ ᠰᠢᠷᠬᠠᠨ ᠤ ᠬᠡᠰᠡᠭ ᠲᠤ ᠢᠯᠡᠷᠡᠵᠦ᠂ ᠰᠢᠨ᠎ᠡ ᠮᠥᠴᠢᠷ ᠤᠨ ᠡᠪᠡᠳᠴᠢᠨ ᠤ ᠲᠣᠯᠪᠤ ᠨᠢ ᠣᠰᠤᠳᠤᠭᠰᠠᠨ ᠮᠠᠶ᠋ᠢᠭ ᠤᠨ ᠶᠠᠭᠠᠨ ᠬᠦᠷᠡᠩ ᠦᠩᠭᠡᠳᠡᠢ᠂ ᠭᠥᠪᠡᠭᠡ ᠨᠢ ᠭᠦᠨ ᠬᠦᠷᠡᠩ ᠥᠩᠭᠡᠲᠡᠢ᠃ ᠡᠪᠡᠳᠴᠢᠨ ᠤ ᠲᠣᠯᠪᠤ ᠨᠢ ᠬᠤᠶᠠᠷ ᠦᠵᠦᠭᠦᠷ ᠵᠦᠭ ᠢᠶᠠᠨ ᠬᠥᠭᠵᠢᠬᠦ ᠨᠢ ᠮᠠᠰᠢ ᠲᠦᠷᠭᠡᠨ ᠪᠠᠶᠢᠳᠠᠭ᠂ ᠰᠡᠭᠦᠯᠴᠢ ᠶᠢᠨ ᠬᠤᠭᠤᠴᠠᠭ᠎ᠠ ᠪᠣᠯᠪᠠᠯ ᠪᠦᠳᠡᠬᠢ ᠬᠦᠷᠡᠩ ᠥᠩᠭᠡᠲᠡᠢ ᠪᠣᠯᠵᠤ ᠬᠤᠲᠦ᠋ᠢᠳᠠᠭ᠂ ᠥᠩᠭᠡᠨ ᠲᠠᠯ᠎ᠠ ᠳᠤᠨᠢ ᠨᠢᠭ᠋ ᠣᠷᠭᠤᠭᠰᠠᠨ ᠰᠡᠷᠡᠯ ᠥᠩᠭᠡ ᠶᠢᠨ ᠵᠢᠵᠢᠭ ᠮᠥᠬᠦᠯᠢᠭᠲᠦ ᠲᠤᠰᠤᠯ ᠲᠠᠢ᠃ ᠡᠪᠡᠳᠴᠢᠨ ᠤ ᠲᠣᠯᠪᠤ ᠨᠢ ᠮᠥᠴᠢᠷ ᠢ ᠨᠢᠭᠡ ᠳᠤᠭᠤᠶᠢᠯᠠᠵᠤ ᠴᠠᠭᠠᠷᠢᠭᠯᠠᠬᠤ ᠦᠶ᠎ᠡ ᠳᠤ᠂ ᠲᠡᠭᠦᠨ ᠤ ᠳᠡᠭᠡᠷᠡᠬᠢ ᠬᠡᠰᠡᠭ ᠤᠨ ᠨᠠᠪᠴᠢᠨ ᠢᠯᠳᠠᠰᠤ ᠨᠢ ᠥᠭᠦᠰᠢᠷᠡᠨ ᠰᠢᠷᠡᠯᠡᠵᠦ ᠤᠯᠠᠮ ᠢᠶᠠᠷ ᠬᠠᠲᠠᠵᠤ ᠦᠬᠦᠳᠡᠭ᠃ ᠰᠡᠭᠦᠯᠴᠢ ᠶᠢᠨ ᠬᠤᠭᠤᠴᠠᠭᠠᠨ ᠳᠤ ᠪᠣᠯᠪᠠᠯ ᠡᠪᠡᠳᠴᠢᠳᠠᠢ ᠬᠠᠯᠢᠰᠤ ᠨᠢ ᠬᠡᠵᠢᠶᠡᠳᠡ ᠰᠢᠷᠬᠡᠭ ᠬᠡᠯᠪᠡᠷᠢᠲᠡᠢ ᠭᠤᠯᠲᠤ ᠪᠠᠷ ᠬᠠᠭᠠᠷᠠᠵᠤ᠂ ᠮᠣᠳᠣᠯᠢᠭ ᠬᠡᠰᠡᠭ ᠨᠢ ᠰᠠᠯᠵᠤ ᠭᠠᠷᠳᠠᠭ᠃        ᠨᠡᠪᠴᠢᠨ ᠢᠯᠳᠠᠰᠤᠨ ᠳᠤ ᠡᠪᠡᠳᠴᠢᠨ ᠬᠠᠯᠳᠠᠪᠤᠷᠢᠯᠠᠪᠠᠯ ᠤᠷᠢᠲᠠᠪᠠᠷ ᠨᠡᠪᠴᠢᠨ ᠤ ᠦᠵᠦᠭᠦᠷ᠂ ᠨᠡᠪᠴᠢᠨ ᠬᠥᠪᠡᠭᠡ ᠠᠴᠠ ᠡᠬᠢᠯᠡᠵᠦ ᠨᠡᠪᠴᠢᠨ ᠤ ᠬᠥᠪᠡᠭᠡ ᠳᠡᠭᠡᠷ᠎ᠡ ᠨᠢ ᠰᠢᠷ᠎ᠠ ᠬᠦᠷᠡᠩ ᠥᠩᠭᠡᠲᠡᠢ ᠡᠪᠡᠳᠴᠢᠨ ᠤ ᠲᠣᠯᠪᠤ ᠡᠭᠦᠰᠴᠦ᠂ ᠢᠷᠮᠡᠭ ᠨᠢ ᠤᠰᠤᠳᠤᠭᠰᠠᠨ ᠮᠠᠶ᠋ᠢᠭᠳᠠᠢ᠂ ᠡᠨᠡ ᠨᠢ ᠢᠳᠡᠭ ᠢᠳᠡᠭ ᠢᠶᠠᠷ ᠨᠡᠪᠴᠢᠨ ᠢᠯᠲᠡᠰᠦ ᠶᠢᠨ ᠲᠥᠪ ᠬᠡᠰᠡᠭ ᠤᠷᠤᠭᠤ ᠬᠥᠭᠵᠢᠵᠦ᠂ ᠲᠣᠮᠣ ᠬᠡᠯᠪᠡᠷᠢ ᠶᠢᠨ ᠲᠤᠭᠤᠷᠢᠭᠯᠢᠭ ᠬᠡᠯᠪᠡᠷᠢᠲᠡᠢ ᠭᠦᠶᠦᠬᠡᠨ ᠬᠦᠷᠡᠩ ᠥᠩᠭᠡ ᠶᠢᠨ ᠡᠪᠡᠳᠴᠢᠨ ᠤ ᠲᠣᠯᠪᠤ ᠪᠦᠷᠢᠯᠳᠦᠵᠦ᠂ ᠢᠢᠯᠡᠷᠬᠡᠢ ᠪᠤᠰᠤ ᠨᠢᠭᠡ ᠭᠤᠯᠲᠤ ᠴᠠᠭᠠᠷᠢᠭ ᠨᠠᠷ ᠲᠠᠢ᠃ ᠡᠪᠡᠳᠴᠢᠲᠡᠢ ᠨᠡᠪᠴᠢᠨ ᠳᠡᠭᠡᠷ᠎ᠡ ᠪᠠᠰᠠ ᠰᠡᠷᠡᠯ ᠥᠩᠭᠡ ᠶᠢᠨ ᠵᠢᠵᠢᠭ ᠮᠥᠬᠦᠯᠢᠭᠲᠦ ᠲᠤᠰᠣᠯ ᠲᠠᠢ᠂ ᠡᠨᠡ ᠨᠢ ᠨᠡᠪᠴᠢᠨ ᠤ ᠭᠥᠪᠡᠭᠡ ᠪᠠᠷ ᠠᠷᠪᠢᠨ ᠪᠠᠶᠢᠳᠠᠭ᠃ ᠡᠪᠡᠳᠴᠢᠲᠡᠢ ᠨᠡᠭᠡᠳᠡᠰᠦ ᠨᠢ ᠬᠠᠲᠠᠵᠤ ᠦᠬᠦᠰᠢᠷᠡᠭᠰᠡᠨ ᠤ ᠳᠠᠷᠠᠭ᠎ᠠ ᠠᠮᠠᠷᠬᠠᠨ ᠬᠠᠭᠠᠷᠠᠯ ᠡᠭᠦᠰᠳᠡᠭ᠃        2. ᠰᠡᠷᠭᠡᠶᠢᠯᠡᠨ ᠵᠠᠰᠠᠬᠤ ᠠᠷᠭ᠎ᠠ        ︵1︶ ᠣᠷᠭᠤᠴᠠ ᠶᠢᠨ ᠤᠯᠠᠷᠢᠯ ᠳᠤ ᠡᠪᠡᠳᠴᠢᠲᠡᠢ ᠵᠢᠮᠢᠰ᠂ ᠡᠪᠡᠳᠴᠢᠲᠡᠢ ᠨᠡᠪᠴᠢ᠂ ᠡᠪᠡᠳᠴᠢᠲᠡᠢ ᠤᠷᠢᠶᠠᠩᠭᠤ ᠶᠢ ᠨᠢ ᠬᠠᠶᠢᠴᠢᠯᠠᠨ ᠠᠪᠴᠤ ᠴᠡᠪᠡᠷᠯᠡᠵᠦ ᠠᠷᠢᠯᠭᠠᠨ᠎ᠠ᠂ ᠨᠠᠮᠤᠷ ᠤᠨ ᠤᠯᠠᠷᠢᠯ ᠳᠤ ᠨᠡᠪᠴᠢ ᠵᠤᠯᠭᠠᠷᠠᠭᠰᠠᠨ ᠤ ᠳᠠᠷᠠᠭ᠎ᠠ ᠵᠢᠮᠢᠰ ᠤᠨ ᠬᠦᠷᠢᠶᠡᠯᠡᠩ ᠢᠶᠠᠨ ᠴᠡᠪᠡᠷᠯᠡᠨ ᠠᠷᠢᠯᠭᠠᠵᠤ᠂ ᠡᠪᠡᠳᠴᠢᠲᠡᠢ ᠦᠯᠡᠳᠡᠭᠳᠡᠯ ᠪᠣᠳᠠᠰ ᠢ ᠨᠢ ᠴᠤᠭᠯᠠᠭᠤᠯᠵᠤ ᠰᠢᠳᠠᠭᠠᠨ᠎ᠠ᠃       ︵2︶ ᠵᠢᠮᠢᠰ ᠰᠠᠭᠤᠬᠤ ᠬᠡᠰᠡᠭ ᠢ ᠨᠢ ᠳᠡᠭᠡᠭᠰᠢᠯᠡᠭᠦᠯᠵᠦ᠂ ᠬᠥᠷᠥᠰᠥ ᠰᠢᠷᠣᠢ ᠶᠢᠨ ᠡᠪᠡᠳᠴᠢᠨ ᠤ ᠪᠠᠺᠲ᠋ᠧᠷᠢ ᠬᠠᠯᠳᠠᠵᠤ ᠬᠠᠯᠳᠠᠪᠤᠷᠢᠯᠠᠬᠤ ᠶᠢ ᠪᠠᠭᠠᠰᠠᠬᠠᠨ᠎ᠠ᠃        ︵3︶ ᠵᠣᠨ ᠤ ᠤᠯᠠᠷᠢᠯ ᠳᠤ ᠴᠠᠭ ᠲᠤᠬᠠᠢ ᠳᠤᠨᠢ ᠬᠠᠶᠢᠴᠢᠯᠠᠨ ᠵᠠᠰᠠᠵᠤ᠂ ᠨᠡᠪᠴᠢ ᠤᠷᠢᠶᠠᠩᠭᠤ ᠶᠢᠨ ᠬᠤᠭᠤᠷᠣᠨᠳᠤ ᠰᠠᠯᠬᠢ ᠨᠡᠪᠲᠠᠷᠠᠵᠤ ᠭᠡᠷᠡᠯ ᠲᠣᠰᠬᠤ ᠨᠢ ᠰᠠᠶᠢᠨ ᠪᠠᠶᠢᠬᠤ ᠶᠢ ᠪᠠᠳᠤᠯᠠᠬᠤ ᠬᠡᠷᠡᠭᠲᠡᠢ᠃       ︵4︶ ᠡᠪᠡᠳᠴᠡᠨ ᠡᠭᠦᠰᠬᠦ ᠠᠴᠠ ᠡᠮᠦᠨ᠎ᠡ ᠵᠢᠶᠠᠰᠠᠨ ᠤ ᠳᠣᠣᠷ᠎ᠠ ᠨᠢ ᠡᠮ ᠰᠠᠴᠤᠵᠤ ᠪᠠᠺᠲ᠋ᠧᠷᠢ ᠶᠢ ᠤᠰᠠᠳᠬᠠᠨ᠎ᠠ᠃ ᠡᠭᠦᠨ ᠳᠤ ᠬᠤᠣᠰ ᠹᠧᠷᠮᠠᠨ 1 ᠬᠤᠪᠢ᠂ ᠬᠥᠬᠦᠷ ᠤᠨ ᠲᠠᠯᠬ᠎ᠠ 1 ᠬᠤᠪᠢ᠂ ᠨᠡᠭᠦᠷᠡᠰᠦ ᠬᠦᠴᠢᠯ ᠤᠨ ᠺᠠᠯᠼ 2 ᠬᠤᠪᠢ᠂ ᠡᠲᠡᠭᠡᠷ ᠢ ᠵᠢᠭᠳᠡ ᠬᠤᠯᠢᠵᠤ ᠨᠡᠶᠢᠯᠡᠭᠦᠯᠦᠭᠡᠳ ᠡᠾᠧᠺᠲ᠋ᠠᠷ ᠪᠦᠷᠢ ᠳᠤ 15~30 ᠭᠢᠯᠣᠭ᠍ᠷᠡᠮ ᠬᠤᠯᠢᠵᠤ ᠨᠡᠶᠢᠯᠡᠭᠦᠯᠦᠭᠰᠡᠨ ᠡᠮ ᠤᠨ ᠲᠠᠯᠬ᠎ᠠ ᠰᠠᠴᠤᠵᠤ ᠣᠷᠣᠭᠤᠯᠤᠨ᠎ᠠ᠃        ︵5︶ ᠡᠮ ᠰᠦᠷᠴᠢᠵᠦ ᠬᠠᠮᠠᠭᠠᠯᠠᠨ᠎ᠠ᠃ ᠠᠩᠬ᠎ᠠ ᠡᠪᠡᠳᠴᠢᠨ ᠡᠭᠦᠰᠦᠭᠰᠡᠨ ᠦᠶ᠎ᠡ ᠳᠤ ᠡᠬᠢᠯᠡᠵᠦ ᠡᠮ ᠰᠦᠷᠴᠢᠨ᠎ᠡ᠂ ᠢᠩᠭᠢᠭᠡᠳ 10 — 15 ᠡᠲᠦᠷ ᠲᠤ 1 ᠤᠳᠠᠭ᠎ᠠ ᠰᠦᠷᠴᠢᠵᠦ᠂ ᠨᠡᠶᠢᠲᠡ 3 — 5 ᠤᠳᠠᠭ᠎ᠠ ᠰᠦᠷᠴᠢᠨ᠎ᠡ᠃ ᠦᠵᠦᠮ ᠤᠨ ᠴᠠᠶᠢᠷᠠᠵᠤ ᠢᠯᠵᠠᠷᠠᠬᠤ ᠡᠪᠡᠳᠴᠢᠨ ᠢ ᠰᠡᠷᠭᠡᠶᠢᠯᠡᠨ ᠵᠠᠰᠠᠬᠤ ᠦᠢᠯᠡᠳᠦᠯ ᠲᠠᠢ ᠡᠮ ᠪᠣᠯ 50% ᠶᠢᠨ ᠬᠤᠣᠰ ᠹᠧᠷᠮᠠ ᠶᠢᠨ ᠴᠢᠭᠢᠭᠳᠦᠮᠡᠭᠡᠢ ᠳᠠᠯᠬ᠎ᠠ 500 ~ 800 ᠲᠠᠬᠢᠨ ᠤ ᠠᠭᠤᠰᠤᠮᠠᠯ᠃ 70% ᠶᠢᠨ ᠳ᠋ᠢᠼᠠᠨ ᠮᠠᠩᠭᠠᠨᠲᠤ ᠴᠠᠶᠢᠷ ᠤᠨ ᠴᠢᠭᠢᠭᠳᠦᠮᠡᠭᠡᠢ ᠳᠠᠯᠬ᠎ᠠ 600~800 ᠲᠠᠬᠢᠨ ᠠᠭᠤᠰᠤᠮᠠᠯ᠃ 50% ᠶᠢᠨ ᠲᠦᠢ ᠵᠢᠶᠦ᠋ᠨ ᠲᠧ ᠴᠢᠭᠢᠭᠳᠦᠮᠡᠭᠡᠢ ᠲᠠᠯᠬ᠎ᠠ 800~1000 ᠲᠠᠬᠢᠨ ᠠᠭᠤᠰᠤᠮᠠᠯ ᠵᠡᠷᠭᠡ ᠪᠤᠢ᠃
ᠢᠷᠡᠯᠲᠡ᠄ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ