ᠴᠠᠭᠠᠨ ᠨᠣᠭᠤᠭ᠎ᠠ ᠶᠢᠨ ᠪᠠᠺᠲ᠋ᠧᠷᠢ ᠶᠢᠨ ᠴᠥᠮ᠎ᠡ ᠶᠢᠨ ᠡᠪᠡᠳᠴᠢᠨ ᠢ ᠰᠡᠷᠭᠡᠶᠢᠯᠡᠨ ᠵᠠᠰᠠᠬᠤ
ᠨᠡᠶᠢᠲᠡᠯᠡᠭᠰᠡᠨ ᠴᠠᠭ᠄
2024/4/9
       ᠴᠠᠭᠠᠨ ᠨᠣᠭᠤᠭ᠎ᠠ ᠶᠢᠨ ᠪᠠᠺᠲ᠋ᠧᠷᠢ ᠶᠢᠨ ᠴᠥᠮ᠎ᠡ ᠶᠢᠨ ᠡᠪᠡᠳᠴᠢᠨ ᠪᠣᠯ ᠴᠥᠮ᠎ᠡ ᠶᠢᠨ ᠲᠠᠪᠠᠭᠲᠤ ᠪᠠᠺᠲ᠋ᠧᠷᠢ ᠠᠴᠠ ᠡᠭᠦᠰᠦᠭᠰᠡᠨ᠂ ᠴᠠᠭᠠᠨ ᠨᠣᠭᠤᠭ᠎ᠠ ᠶᠢᠨ ᠡᠪᠡᠳᠴᠢᠨ ᠤ ᠬᠥᠨᠥᠭᠡᠯ ᠪᠣᠯᠣᠨ᠎ᠠ᠃ ᠡᠪᠡᠳᠴᠢᠨ ᠤ ᠪᠠᠺᠲ᠋ᠧᠷᠢ ᠨᠢ ᠭᠤᠣᠯᠳᠠᠭᠤ ᠪᠠᠺᠲ᠋ᠧᠷᠢ ᠶᠢᠨ ᠴᠥᠮ᠎ᠡ ᠪᠠᠷ ᠬᠥᠷᠥᠰᠥᠨ ᠳᠤ ᠬᠤᠯᠢᠯᠳᠤᠬᠤ ᠪᠤᠶᠤ ᠦᠷ᠎ᠡ ᠲᠡᠭᠦᠬᠦ ᠰᠠᠭᠤᠷᠢ ᠳᠡᠭᠡᠷ᠎ᠡ ᠨᠠᠭᠠᠯᠳᠤᠨ ᠦᠷ᠎ᠡ ᠶᠢᠨ ᠬᠤᠭᠤᠷᠣᠨᠳᠤ ᠢᠴᠡᠭᠡᠯᠡᠨ ᠡᠪᠦᠯ ᠵᠤᠨ ᠤ ᠤᠯᠠᠷᠢᠯ ᠢ ᠥᠩᠭᠡᠷᠡᠭᠡᠳᠡᠭ᠂ ᠬᠠᠪᠤᠷ᠂ ᠨᠠᠮᠤᠷ ᠤᠨ ᠤᠯᠠᠷᠢᠯ ᠳᠤ ᠪᠣᠷᠣᠭᠠᠨ ᠠᠷᠪᠢᠨ᠂ ᠴᠢᠭᠢᠭᠯᠢᠭ᠂ ᠡᠪᠡᠳᠴᠢᠨ ᠤ ᠪᠠᠺᠲ᠋ᠧᠷᠢ ᠠᠭᠠᠷ ᠤᠨ ᠤᠷᠤᠰᠬᠠᠯ ᠢᠶᠠᠷ ᠲᠠᠷᠬᠠᠵᠤ᠂ ᠥᠲᠡᠯᠦᠭᠰᠡᠨ ᠨᠠᠪᠴᠢᠨ ᠤ ᠢᠯᠲᠠᠰᠤᠨ ᠳᠤ ᠬᠠᠯᠳᠠᠪᠤᠷᠢᠯᠠᠨ ᠡᠪᠡᠳᠴᠢᠯᠡᠭᠦᠯᠳᠡᠭ᠂ ᠰᠡᠭᠦᠯᠴᠢ ᠶᠢᠨ ᠦᠶ᠎ᠡ ᠳᠤ ᠡᠪᠡᠳᠴᠢᠯᠡᠭᠰᠡᠨ ᠭᠡᠰᠡᠭ ᠠᠴᠠ ᠪᠠᠺᠲ᠋ᠧᠷᠢ ᠶᠢᠨ ᠰᠢᠷᠬᠡᠭ ᠪᠠ ᠪᠠᠺᠲ᠋ᠧᠷᠢ ᠶᠢᠨ ᠴᠦᠮ᠎ᠡ ᠤᠷᠭᠤᠵᠤ᠂ ᠲᠠᠷᠢᠶᠠᠨ ᠳᠤ ᠭᠤᠣᠯᠳᠠᠭᠤ ᠪᠠᠺᠲ᠋ᠧᠷᠢ ᠶᠢᠨ ᠰᠢᠷᠬᠡᠭ ᠨᠢ ᠡᠪᠡᠳᠴᠢᠨ ᠤ ᠡᠷᠡᠭᠦᠯ ᠰᠠᠭᠤᠷᠢ ᠪᠤᠶᠤ ᠡᠪᠡᠳᠴᠢᠨ ᠤ ᠡᠷᠡᠭᠦᠯ ᠨᠡᠬᠡᠳᠡᠰᠦ ᠲᠠᠢ ᠬᠦᠷᠦᠯᠴᠡᠬᠦ ᠪᠠᠷ ᠳᠠᠮᠵᠢᠨ ᠳᠠᠬᠢᠨ ᠬᠠᠯᠳᠠᠪᠤᠷᠢᠯᠠᠨ ᠤᠷᠭᠤᠵᠤ᠂ ᠥᠰᠦᠯᠲᠡ ᠶᠢᠨ ᠰᠡᠭᠦᠯᠴᠢ ᠶᠢᠨ ᠬᠤᠭᠤᠴᠠᠭᠠᠨ ᠳᠤ ᠪᠠᠺᠲ᠋ᠧᠷᠢ ᠶᠢᠨ ᠴᠦᠮ᠎ᠡ ᠪᠣᠯᠵᠤ ᠡᠪᠦᠯᠵᠢᠳᠡᠭ᠃ ᠪᠠᠺᠲ᠋ᠧᠷᠢ ᠶᠢᠨ ᠴᠥᠮ᠎ᠡ ᠶᠢᠨ ᠡᠪᠡᠳᠴᠢᠨ ᠳᠤᠮᠳᠠᠳᠤ ᠤᠯᠤᠰ ᠤᠨ ᠡᠯ᠎ᠡ ᠭᠠᠵᠠᠷ ᠲᠤ ᠪᠦᠷ ᠡᠭᠦᠰᠴᠦ᠂ ᠡᠪᠡᠳᠴᠢᠯᠡᠬᠦ ᠨᠣᠷᠮ᠎ᠠ ᠨᠢ 10-30% ᠳᠤ ᠬᠦᠷᠴᠦ᠂ ᠥᠨᠳᠥᠷ ᠨᠢ 80% ᠠᠴᠠ ᠳᠡᠭᠡᠭᠰᠢ ᠪᠠᠶᠢᠳᠠᠭ᠃ ᠴᠠᠭᠠᠨ ᠨᠣᠭᠤᠭ᠎ᠠ ᠶᠢᠨ ᠪᠠᠺᠲ᠋ᠧᠷᠢ ᠶᠢᠨ ᠴᠥᠮ᠎ᠡ ᠶᠢᠨ ᠡᠪᠡᠳᠴᠢᠨ ᠤ ᠬᠥᠨᠥᠭᠡᠯ ᠳᠤ ᠤᠴᠠᠷᠠᠭᠰᠠᠨ ᠴᠠᠭᠠᠨ ᠨᠣᠭᠤᠭ᠎ᠠ ᠶᠢᠨ ᠭᠠᠷᠤᠯᠲᠠ ᠨᠢ ᠶᠡᠷᠦ ᠳᠡᠭᠡᠨ 10% ᠠᠴᠠ ᠳᠡᠭᠡᠭᠰᠢ ᠬᠠᠰᠤᠭᠳᠠᠵᠤ᠂ ᠬᠦᠨᠳᠦ ᠨᠣᠴᠢᠲᠠᠢ ᠨᠢ 30% ᠠᠴᠠ 50% ᠳᠤ ᠬᠦᠷᠴᠦ᠂ ᠴᠢᠨᠠᠭᠰᠢᠯᠠᠪᠠᠯ ᠭᠠᠷᠤᠯᠲᠠ ᠨᠢ ᠲᠠᠰᠤᠷᠠᠭᠠᠳ᠂ ᠴᠠᠭᠠᠨ ᠨᠣᠭᠤᠭ᠎ᠠ ᠶᠢᠨ ᠭᠠᠷᠤᠯᠲᠠ ᠪᠠ ᠶᠠᠰᠤ ᠴᠢᠨᠠᠷ ᠢ ᠬᠦᠨᠳᠦ ᠨᠣᠴᠢᠲᠠᠢ ᠨᠦᠯᠦᠭᠡᠯᠡᠳᠡᠭ ᠪᠠᠶᠢᠨ᠎ᠠ᠃ ᠨᠢᠭᠡ᠂ ᠴᠠᠭᠠᠨ ᠨᠣᠭᠤᠭ᠎ᠠ ᠶᠢᠨ ᠪᠠᠺᠲ᠋ᠧᠷᠢ ᠶᠢᠨ ᠴᠥᠮ᠎ᠡ ᠶᠢᠨ ᠡᠪᠡᠳᠴᠢᠨ ᠤ ᠪᠠᠶᠢᠳᠠᠯ ᠬᠠᠯᠳᠠᠪᠤᠷᠢᠯᠠᠭᠰᠠᠨ ᠨᠢᠯᠬ᠎ᠠ ᠴᠢᠬᠢ ᠶᠢᠨ ᠣᠯᠠᠩᠬᠢ ᠨᠢ ᠭᠠᠵᠠᠷ ᠤᠨ ᠬᠦᠷᠦᠰᠦᠨ ᠠᠴᠠ ᠣᠶᠢᠷᠠᠯᠴᠠᠭ᠎ᠠ ᠪᠠᠶᠢᠭ᠎ᠠ ᠡᠰᠢᠨ ᠤ ᠤᠭ ᠤᠨ ᠬᠡᠰᠡᠭ ᠲᠤ ᠥᠩᠭᠡ ᠨᠢ ᠬᠤᠪᠢᠷᠠᠵᠤ᠂ ᠤᠰᠤᠨ ᠳᠤ ᠳᠡᠪᠲᠦᠭᠰᠡᠨ ᠬᠡᠯᠪᠡᠷᠢ ᠪᠠᠷ ᠢᠯᠵᠢᠷᠡᠨ᠂ ᠴᠣᠴᠢᠮᠠᠭ ᠣᠶᠢᠴᠢᠳᠠᠭ᠃ ᠣᠯᠠᠩᠬᠢ ᠨᠢ ᠡᠰᠢᠨ ᠤ ᠤᠭ᠂ ᠨᠠᠪᠴᠢᠨ ᠤ ᠪᠠᠷᠢᠭᠤᠯ ᠪᠤᠶᠤ ᠨᠠᠪᠴᠢᠨ ᠤ ᠢᠯᠲᠠᠰᠤ ᠳᠤ ᠬᠤᠣᠷᠳᠠᠭᠳᠠᠵᠤ᠂ ᠤᠰᠤᠨ ᠳᠤ ᠳᠡᠪᠲᠦᠭᠰᠡᠨ ᠬᠡᠯᠪᠡᠷᠢ ᠶᠢᠨ ᠭᠦᠢᠬᠡᠨ ᠬᠦᠷᠡᠩ ᠥᠩᠭᠡᠲᠡᠢ ᠡᠪᠡᠳᠴᠢᠨ ᠤ ᠲᠣᠯᠪᠤ ᠡᠭᠦᠰᠴᠦ᠂ ᠡᠮᠬᠢ ᠵᠢᠷᠤᠮ ᠦᠭᠡᠢ ᠬᠡᠯᠪᠡᠷᠢ ᠲᠠᠢ᠂ ᠢᠯᠡᠷᠬᠡᠢ ᠬᠥᠪᠡᠭᠡ ᠬᠢᠵᠠᠭᠠᠷ ᠦᠭᠡᠢ ᠪᠠᠶᠢᠳᠠᠭ᠃ ᠨᠦᠢᠲᠠᠨ ᠴᠢᠭᠢᠭᠯᠢᠭ ᠣᠷᠴᠢᠨ ᠲᠣᠭᠤᠷᠢᠨ ᠳᠤ᠂ ᠡᠪᠡᠳᠴᠢᠨ ᠤ ᠲᠣᠯᠪᠤ ᠳᠡᠭᠡᠷ᠎ᠡ ᠨᠢ ᠴᠠᠭᠠᠨ ᠥᠩᠭᠡ ᠲᠠᠢ ᠬᠥᠪᠥᠩ ᠤᠨ ᠤᠩᠭᠠᠷᠢᠯ ᠬᠡᠯᠪᠡᠷᠢᠲᠦ ᠮᠦᠬᠦ ᠶᠢᠨ ᠰᠢᠷᠬᠡᠭᠯᠢᠭ ᠪᠡᠶ᠎ᠡ ᠪᠠ ᠬᠠᠷ᠎ᠠ ᠥᠩᠭᠡ ᠲᠠᠢ ᠬᠤᠯᠤᠭᠠᠨ᠎ᠠ ᠶᠢᠨ ᠢᠯᠭᠠᠳᠠᠰᠤᠨ ᠬᠡᠯᠪᠡᠷᠢᠲᠦ ᠮᠦᠬᠦ ᠶᠢᠨ ᠪᠥᠭᠡᠮ ᠤᠷᠭᠤᠵᠤ᠂ ᠦᠮᠡᠬᠡᠢ ᠦᠨᠦᠷ ᠦᠭᠡᠢ ᠪᠠᠶᠢᠳᠠᠭ᠃ ᠡᠨᠡ ᠡᠪᠡᠳᠴᠢᠨ ᠠᠮᠠᠷᠬᠠᠨ ᠬᠠᠯᠳᠠᠪᠤᠷᠢᠯᠠᠨ ᠳᠡᠯᠭᠡᠷᠡᠨ᠎ᠡ᠃ ᠬᠤᠶᠠᠷ᠂ ᠴᠠᠭᠠᠨ ᠨᠣᠭᠤᠭ᠎ᠠ ᠶᠢᠨ ᠪᠠᠺᠲ᠋ᠧᠷᠢ ᠶᠢᠨ ᠴᠥᠮ᠎ᠡ ᠶᠢᠨ ᠡᠪᠡᠳᠴᠢᠨ ᠢ ᠰᠡᠷᠭᠡᠶᠢᠯᠡᠨ ᠵᠠᠰᠠᠬᠤ ᠦᠷ᠎ᠡ ᠶᠢ ᠰᠢᠢᠳᠪᠦᠷᠢᠯᠡᠬᠦ᠃ ᠦᠷ᠎ᠡ ᠶᠢᠨ ᠳᠣᠲᠣᠷ᠎ᠠ ᠬᠤᠯᠢᠯᠳᠤᠵᠤ ᠪᠠᠶᠢᠭ᠎ᠠ ᠪᠠᠺᠲ᠋ᠧᠷᠢ ᠶᠢᠨ ᠴᠥᠮ᠎ᠡ ᠶᠢ 10% ᠶᠢᠨ ᠳᠠᠪᠤᠰᠤ ᠲᠠᠢ ᠤᠰᠤ ᠪᠤᠶᠤ 20% ᠶᠢᠨ ᠬᠦᠬᠦᠷ ᠬᠦᠴᠢᠯ ᠤᠨ ᠠᠮᠮᠤᠨᠢ ᠶᠢᠨ ᠠᠭᠤᠰᠤᠮᠠᠯ ᠢᠶᠠᠷ ᠤᠬᠢᠶᠠᠨ ᠴᠡᠪᠡᠷᠯᠡᠵᠦ᠂ ᠤᠰᠤᠨ ᠳᠤ ᠤᠬᠢᠶᠠᠭᠠᠳ ᠬᠠᠲᠠᠭᠠᠭᠰᠠᠨ ᠤ ᠳᠠᠷᠠᠭ᠎ᠠ ᠲᠠᠷᠢᠬᠤ ᠬᠡᠷᠡᠭᠲᠡᠢ᠃ ᠲᠠᠷᠢᠶᠠᠯᠠᠩ ᠤᠨ ᠰᠡᠷᠭᠡᠶᠢᠯᠡᠨ ᠵᠠᠰᠠᠯᠲᠠ᠃ 2 ~ 3 ᠵᠢᠯ ᠡᠭᠡᠯᠵᠢᠯᠡᠨ ᠳᠠᠷᠢᠬᠤ ᠳᠤ ᠤᠰᠤ ᠬᠠᠭᠤᠷᠠᠢ ᠪᠠᠷ ᠡᠭᠡᠯᠵᠢᠯᠡᠨ ᠳᠠᠷᠢᠪᠠᠯ ᠬᠠᠮᠤᠭ ᠰᠠᠶᠢᠨ᠃ ᠪᠣᠷᠳᠣᠭᠤᠷ ᠢ ᠵᠦᠢ ᠵᠣᠬᠢᠰᠲᠠᠢ ᠣᠷᠣᠭᠤᠯᠵᠤ᠂ ᠠᠽᠣᠲ ᠤᠨ ᠪᠣᠷᠳᠣᠭᠤᠷ ᠢ ᠢᠯᠡᠭᠦᠦ ᠣᠷᠣᠭᠤᠯᠬᠤ ᠠᠴᠠ ᠵᠠᠶᠢᠯᠠᠰᠬᠢᠵᠦ᠂ ᠴᠠᠭ ᠲᠤᠬᠠᠢ ᠳᠤᠨᠢ ᠪᠣᠷᠳᠣᠭᠤᠷ ᠢ ᠨᠡᠮᠡᠬᠦ ᠬᠡᠷᠡᠭᠲᠡᠢ︔ ᠪᠣᠷᠣᠭᠠᠨ ᠤ ᠳᠠᠷᠠᠭ᠎ᠠ ᠴᠠᠭ ᠲᠤᠬᠠᠢ ᠳᠤᠨᠢ ᠭᠤᠤ ᠶᠢ ᠨᠢ ᠨᠡᠭᠡᠭᠡᠵᠦ ᠤᠰᠤ ᠵᠠᠯᠠᠵᠤ᠂ ᠡᠪᠡᠳᠴᠢᠨ ᠲᠠᠢ ᠰᠠᠭᠤᠷᠢ ᠶᠢ ᠨᠢ ᠣᠯᠵᠤ ᠮᠡᠳᠡᠪᠡᠯ ᠴᠠᠭ ᠲᠤᠬᠠᠢ ᠳᠤᠨᠢ ᠠᠪᠴᠤ ᠬᠠᠶᠠᠭᠠᠳ ᠭᠦᠨ ᠪᠤᠯᠠᠬᠤ ᠬᠡᠷᠡᠭᠲᠡᠢ᠃ ᠡᠮ ᠢᠶᠠᠷ ᠰᠡᠷᠭᠡᠶᠢᠯᠡᠨ ᠵᠠᠰᠠᠬᠤ᠃ ᠡᠪᠡᠳᠴᠢᠨ ᠡᠭᠦᠰᠬᠦ ᠡᠬᠢᠨ ᠤ ᠬᠤᠭᠤᠴᠠᠭᠠᠨ ᠳᠤ 50% ᠶᠢᠨ ᠳ᠋ᠦᠸᠧ ᠵᠢᠶᠦ᠋ᠨ ᠯᠢᠩ ᠴᠢᠬᠢᠭ ᠲᠠᠢ ᠨᠤᠨᠳᠠᠭ ᠡᠮ ᠤᠨ 500 ᠳᠠᠬᠢᠨ ᠤ ᠰᠢᠩᠭᠡᠨ ᠢ ᠬᠡᠷᠡᠭᠯᠡᠬᠦ ᠪᠤᠶᠤ 20% ᠶᠢᠨ ᠮᠧᠲ᠋ᠢᠯᠲᠦ ᠯᠢᠺᠦᠠ ᠹᠣᠰᠹᠣᠷ ᠤᠨ ᠴᠢᠳᠡᠮᠯᠢᠭ ᠲᠣᠰᠣ ᠶᠢᠨ 1200 ᠳᠠᠬᠢᠨ ᠤ ᠰᠢᠩᠭᠡᠨ ᠢ ᠬᠡᠷᠡᠭᠯᠡᠬᠦ ᠪᠤᠶᠤ 40% ᠶᠢᠨ ᠮᠥᠭᠦᠲᠦ ᠴᠥᠮ᠎ᠡ ᠶᠢᠨ ᠴᠡᠪᠡᠷ ᠴᠢᠬᠢᠭ ᠲᠠᠢ ᠨᠤᠨᠳᠠᠭ ᠡᠮ ᠤᠨ 1000 ~1500 ᠳᠠᠬᠢᠨ ᠤ ᠰᠢᠩᠭᠡᠨ ᠢ ᠡᠭᠡᠯᠵᠢᠯᠡᠨ 3 ~ 4 ᠤᠳᠠᠭ᠎ᠠ ᠰᠦᠷᠴᠢᠵᠦ᠂ 7~10 ᠡᠳᠦᠷ ᠠᠯᠤᠰᠯᠠᠬᠤ ᠪᠦᠷᠢ ᠨᠢᠭᠡ ᠤᠳᠠᠭ᠎ᠠ ᠰᠦᠷᠴᠢᠵᠦ ᠣᠷᠤᠭᠤᠯᠬᠤ ᠬᠡᠷᠡᠭᠲᠡᠢ᠃ ᠴᠢᠬᠤᠯᠠ ᠲᠠᠢ ᠦᠶ᠎ᠡ ᠳᠤ ᠰᠦᠷᠴᠢᠨ ᠣᠷᠣᠭᠤᠯᠬᠤ᠂ ᠭᠤᠭᠤᠵᠢᠭᠤᠯᠤᠨ ᠣᠷᠣᠭᠤᠯᠬᠤ ᠶᠢ ᠤᠶᠠᠯᠳᠤᠭᠤᠯᠵᠤ ᠪᠣᠯᠤᠨ᠎ᠠ᠃
ᠢᠷᠡᠯᠲᠡ᠄ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ