ᠵᠢᠢ ᠶᠦᠩ ᠴᠢᠶᠠᠨ ᠰᠢᠨ᠎ᠡ ᠪᠠᠷᠭᠤ ᠪᠠᠷᠠᠭᠤᠨ ᠬᠤᠰᠢᠭᠤᠨ ᠳᠤ ᠭᠦᠨᠵᠡᠭᠡᠶᠢᠷᠡᠨ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/26
       5 ᠰᠠᠷ᠎ᠠ ᠶᠢᠨ 17 ᠤ ᠡᠳᠦᠷ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠰᠢᠨ᠎ᠡ ᠪᠠᠷᠭᠤ ᠪᠠᠷᠠᠭᠤᠨ ᠬᠤᠰᠢᠭᠤᠨ ᠳᠤ ᠭᠦᠨᠵᠡᠭᠡᠶᠢᠷᠡᠵᠦ᠂ ᠪᠣᠭᠤᠮᠲᠠ ᠶᠢᠨ ᠶᠠᠪᠤᠭᠳᠠᠯ᠂ ᠠᠵᠤ ᠦᠢᠯᠡᠪᠦᠷᠢ ᠶᠢᠨ ᠠᠵᠤ ᠠᠬᠤᠶ ᠶᠢᠨ ᠶᠠᠪᠤᠭᠳᠠᠯ ᠵᠢᠴᠢ ︽ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ︾ ︽ᠳᠤᠯᠠᠭᠠᠯᠠᠬᠤ ᠢᠨᠵᠧᠨᠧᠷᠢᠩ︾ ᠵᠡᠷᠭᠡ ᠭᠤᠤᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃
20240526-1-1.jpg
       ᠠᠷᠤᠬᠠᠰᠢᠶᠠᠲᠤ ᠪᠣᠭᠤᠮᠲᠠ ᠳᠤ᠂ ᠵᠢᠢ ᠶᠦᠩ ᠴᠢᠶᠠᠨ ᠪᠣᠭᠤᠮᠲᠠ ᠪᠠᠷ ᠥᠩᠭᠡᠷᠡᠬᠦ ᠶᠠᠪᠤᠭᠳᠠᠯ᠂ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠡᠵᠡᠩᠨᠡᠯᠲᠡ ᠵᠡᠷᠭᠡ ᠪᠠᠶᠢᠳᠠᠯ ᠢ ᠪᠠᠶᠢᠴᠠᠭᠠᠨ ᠦᠵᠡᠪᠡ᠃ ᠪᠣᠭᠤᠮᠲᠠ ᠶᠢᠨ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠵᠠᠮ ᠢ ᠰᠠᠭᠠᠳ ᠥᠬᠡᠶ ᠨᠡᠪᠲᠡᠷᠡᠭᠦᠯᠦᠨ᠂ ᠪᠣᠭᠤᠮᠲᠠ ᠭᠠᠲᠤᠯᠤᠨ ᠪᠠᠷᠠᠭ᠎ᠠ ᠦᠩᠭᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠭᠠᠳᠠᠭᠠᠳᠤ ᠠᠷᠠᠯᠵᠢᠶᠠᠨ ᠤ ᠬᠥᠭᠵᠢᠯᠲᠡ ᠳᠤ ᠪᠠᠲᠤᠯᠠᠭ᠎ᠠ ᠬᠠᠩᠭᠠᠬᠤ ᠬᠡᠷᠡᠭᠲᠡᠶ︔ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠬᠢᠯᠢ ᠶᠢᠨ ᠠᠷᠠᠯᠵᠢᠶᠠᠨ ᠤ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠵᠦ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠬᠤ ᠲᠠᠸᠠᠷ ᠢ ᠪᠣᠳᠠᠲᠠᠶᠢᠵᠢᠭᠤᠯᠤᠨ ᠡᠳ᠋ᠰᠢᠭᠦᠯᠵᠦ ᠬᠦᠴᠦᠷᠬᠡᠭᠵᠢᠭᠦᠯᠬᠦ ᠶᠢ ᠠᠬᠢᠭᠤᠯᠵᠤ᠂ ︽ᠠᠵᠤ ᠠᠬᠤᠶ ᠶᠢᠨ ᠨᠡᠪᠲᠡᠷᠡᠬᠦ ᠵᠠᠮ︾ ᠠᠴᠠ ︽ᠨᠡᠪᠲᠡᠷᠡᠬᠦ ᠵᠠᠮ ᠤᠨ ᠠᠵᠤ ᠠᠬᠤᠶ︾ ᠳᠠᠰᠢ ᠬᠤᠪᠢᠷᠠᠭᠤᠯᠬᠤ ᠶᠢ ᠴᠢᠷᠮᠠᠶᠢᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃       ᠷᠦᠩ ᠳ᠋ᠠ ᠠᠭᠤᠷᠬᠠᠢ ᠶᠢᠨ ᠦᠢᠯᠡᠰ ᠪᠠ ᠳᠤᠮᠳᠠᠳᠤ ᠤᠯᠤᠰ ᠤᠨ ᠬᠤᠸᠠᠩ ᠶᠢᠨ ᠪᠦᠯᠦᠭᠯᠡᠯ ᠤᠨ ᠥᠪᠥᠷ ᠮᠣᠩᠭᠤᠯ ᠤᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ᠂ ᠵᠢᠢ ᠶᠦᠩ ᠴᠢᠶᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯᠲᠠᠢ ᠠᠰᠠᠭᠤᠳᠠᠯ ᠢ ᠨᠠᠷᠢᠯᠢᠭ ᠠᠰᠠᠭᠤᠪᠠ᠃ ᠠᠵᠤ ᠠᠬᠤᠶᠢᠯᠠᠯ ᠤᠨ ᠲᠠᠯᠳᠠ ᠬᠦᠴᠦᠨ ᠢᠶᠠᠨ ᠭᠦᠢᠴᠡᠳ ᠠᠭᠤᠳᠠᠯᠬᠤ᠂ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠴᠢᠩᠭᠠᠳᠬᠠᠬᠤ ᠪᠠ ᠴᠢᠨᠠᠷ ᠰᠠᠶᠢᠲᠠᠢ ᠦᠢᠯᠡᠳᠪᠦᠷᠢᠯᠡᠬᠦ ᠴᠢᠳᠠᠪᠤᠷᠢ ᠶᠢ ᠪᠠᠳᠠᠷᠠᠭᠤᠯᠬᠤ ᠶᠢ ᠵᠣᠷᠢᠭᠵᠢᠭᠤᠯᠵᠤ᠂ ᠦᠷ᠎ᠡ ᠪᠦᠲᠦᠮᠵᠢ ᠦᠷ᠎ᠡ ᠠᠰᠢᠭ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ︔ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠨ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠤᠷᠢᠶ᠎ᠠ ᠲᠠᠢ ᠪᠤᠯ ᠴᠤᠤᠷᠢᠶ᠎ᠠ ᠲᠠᠢ ︾ ᠠᠵᠢᠯ ᠤᠨ ᠲᠣᠭᠲᠠᠴᠠ ᠶᠢ ᠭᠦᠨᠵᠡᠭᠡᠶ ᠠᠬᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃
20240526-1-2.jpg
       ᠰᠢᠨ᠎ᠡ ᠪᠠᠷᠭᠤ ᠪᠠᠷᠠᠭᠤᠨ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠨ ᠵᠠᠰᠠᠬᠤ ᠲᠥᠷᠥᠯ ᠵᠦᠢᠯ ᠤᠨ ᠲᠤᠬᠠᠶ ᠶᠢᠨ ᠲᠠᠯᠠᠪᠠᠢ ᠳᠤ᠂ ᠵᠢᠢ ᠶᠦᠩ ᠴᠢᠶᠠᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠢᠨᠵᠧᠨᠧᠷᠢᠩ ᠢ ᠥᠷᠨᠢᠭᠦᠯᠦᠭᠰᠡᠨ ᠪᠠᠶᠢᠳᠠᠯ ᠢ ᠨᠠᠷᠢᠯᠢᠭ ᠣᠶᠢᠯᠠᠭᠠᠪᠠ᠃ ᠲᠡᠷᠡ᠂ ᠰᠢᠨᠵᠢᠯᠡᠬᠦ ᠤᠬᠠᠭᠠᠨᠴᠢ ᠪᠠᠷ ᠡᠯᠡᠰᠦᠷᠬᠡᠭᠵᠢᠯ ᠢ ᠵᠠᠰᠠᠬᠤ ᠶᠢ ᠪᠠᠷᠢᠮᠲᠠᠯᠠᠵᠤ᠂ ᠪᠦᠲᠦᠮᠵᠢᠲᠡᠢ ᠵᠠᠰᠠᠯᠲᠠ ᠶᠢᠨ ᠵᠠᠭᠪᠤᠷ ᠢ ᠠᠪᠴᠤ᠂ ᠤᠢ ᠰᠢᠭᠤᠢ ᠪᠠ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢᠨ ᠲᠦᠷᠦᠯ ᠬᠡᠯᠪᠡᠷᠢ ᠶᠢ ᠵᠣᠬᠢᠰᠲᠠᠢ ᠲᠤᠬᠢᠷᠠᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠵᠠᠰᠠᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠢ︔ ᠮᠠᠯᠴᠢᠳ ᠢ ᠬᠠᠪᠰᠤᠷᠤᠨ ᠠᠵᠤ ᠠᠬᠤᠶ ᠶᠢᠨ ᠲᠠᠩᠰᠠ᠂ ᠠᠮᠢ ᠠᠬᠤᠶ ᠶᠢᠨ ᠲᠠᠩᠰᠠ ᠶᠢ ᠰᠠᠶᠢᠲᠤᠷ ᠪᠤᠳᠤᠵᠤ ᠂ ᠮᠠᠯᠴᠢᠳ ᠢ ᠢᠳᠡᠪᠬᠢᠲᠡᠶ ᠬᠥᠲᠥᠯᠥᠨ ᠵᠢᠯᠣᠭᠤᠳᠴᠤ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠶᠢ ᠨᠢ ᠬᠤᠪᠢᠷᠠᠭᠤᠯᠵᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃       ᠪᠦᠦ ᠲᠠᠢ ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠵᠢᠢ ᠶᠦᠩ ᠴᠢᠶᠠᠨ ᠳᠤᠯᠠᠭᠠᠯᠠᠬᠤ ᠢᠨᠵᠧᠨᠧᠷᠢᠩ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠪᠠ᠃ ︽ᠡᠪᠦᠯ ᠤᠨ ᠲᠠᠬᠤᠯ ᠢ ᠵᠤᠨ ᠳᠠᠭᠠᠨ ᠵᠠᠰᠠᠬᠤ︾ ᠶᠢ ᠪᠠᠷᠢᠮᠲᠠᠯᠠᠵᠤ᠂ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ︽ᠡᠭᠦᠰᠭᠡᠭᠴᠢ᠂ ᠬᠤᠭᠤᠯᠠᠢ ᠲᠣᠣᠷ᠂ ᠦᠷᠳᠡᠭᠡ᠂ ᠵᠠᠯᠭᠠᠭᠤᠷ︾ ᠢ ᠥᠭᠡᠷᠡᠴᠢᠯᠡᠨ ᠲᠡᠰ ᠳᠡᠪᠰᠢᠭᠦᠯᠬᠦ ᠶᠢ ᠰᠢᠨᠵᠢᠯᠡᠬᠦ ᠤᠬᠠᠭᠠᠨᠴᠢ ᠨᠠᠷᠢᠯᠢᠭ ᠤᠨᠤᠴᠠᠲᠠᠢ ᠪᠠᠷ ᠠᠬᠢᠭᠤᠯᠵᠤ᠂ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠲᠦᠷᠭᠡᠳᠬᠡᠨ᠂ ᠢᠨᠵᠧᠨᠧᠷᠢᠩ ᠤᠨ ᠶᠠᠰᠤ ᠴᠢᠨᠠᠷ ᠢ ᠴᠢᠩᠭ᠎ᠠ ᠠᠳᠬᠤᠵᠤ᠂ ᠤᠯᠠᠨ ᠲᠦᠮᠡᠨ ᠳᠤ ︽ᠳᠤᠯᠠᠭᠠᠯᠠᠬᠤ ᠢᠨᠵᠧᠨᠧᠷᠢᠩ︾ ᠤᠨ ᠠᠪᠴᠢᠷᠠᠭᠰᠠᠨ ᠬᠤᠪᠢᠷᠠᠯᠲᠠ ᠶᠢ ᠦᠨᠡᠨ ᠪᠣᠳᠠᠲᠠᠢ ᠮᠡᠳᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ