ᠭᠤᠣ ᠷᠦᠨ ᠰᠢ ᠪᠦᠯᠬᠦᠮ ᠳᠠᠭᠠᠭᠤᠯᠤᠨ ᠳᠤᠮᠳᠠᠳᠤ ᠤᠯᠤᠰ ᠤᠨ ᠴᠢᠯᠠᠭᠤᠨ ᠲᠤᠰᠦ ᠪᠠᠶᠢᠭᠠᠯᠢ ᠶᠢᠨ ᠰᠢᠲᠠᠮᠠᠬᠠᠢ ᠬᠡᠢ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠳᠤ ᠬᠦᠷᠴᠦ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠲᠤᠬᠠᠢ ᠰᠢᠨᠵᠢᠯᠡᠨ ᠪᠠᠶᠢᠴᠠᠭᠠᠵᠤ ᠵᠤᠯᠭᠠᠭᠤᠯᠪᠠ
ᠨᠡᠶᠢᠲᠡᠯᠡᠭᠰᠡᠨ ᠴᠠᠭ᠄
2024/5/27
       5 ᠰᠠᠷ᠎ᠠ ᠶᠢᠨ 17 ᠤ ᠡᠳᠥᠷ᠂ ᠬᠦᠯᠦᠨ ᠪᠤᠶᠢᠷ ᠬᠤᠲᠠ ᠶᠢᠨ ᠨᠠᠮ ᠤᠨ  ᠬᠤᠷᠢᠶ᠎ᠡ ᠶᠢᠨ ᠱᠦᠵᠢ ᠭᠤᠣ ᠷᠦᠨ ᠰᠢ ᠪᠦᠯᠬᠦᠮ ᠳᠠᠭᠠᠭᠤᠯᠤᠨ ᠳᠤᠮᠳᠠᠳᠤ ᠤᠯᠤᠰ ᠤᠨ ᠴᠢᠯᠠᠭᠤᠨ ᠲᠤᠰᠦ ᠪᠠᠶᠢᠭᠠᠯᠢ ᠶᠢᠨ ᠰᠢᠲᠠᠮᠠᠬᠠᠢ ᠬᠡᠢ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠳᠤ ᠬᠦᠷᠴᠦ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠲᠤᠬᠠᠢ ᠰᠢᠨᠵᠢᠯᠡᠨ ᠪᠠᠶᠢᠴᠠᠭᠠᠵᠤ ᠵᠤᠯᠭᠠᠭᠤᠯᠪᠠ᠃ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠶᠡᠷᠦᠩᠬᠡᠢ ᠳᠠᠭᠠᠭᠠᠮᠠᠯ ᠷᠧᠨ ᠯᠢ ᠰᠢᠨ ᠵᠢᠴᠢ ᠬᠤᠯᠪᠤᠭᠳᠠᠯ ᠪᠦᠬᠦᠢ ᠬᠤᠪᠢᠶᠠᠷᠢ ᠺᠤᠮᠫᠠᠨᠢ᠂ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ ᠲᠠᠢ ᠲᠤᠰᠦ ᠬᠡᠢ ᠶᠢᠨ ᠲᠤᠤᠷ ᠴᠡᠭ ᠢ ᠰᠢᠯᠢᠳᠡᠭᠵᠢᠭᠦᠯᠬᠦ᠂ ᠲᠤᠰᠤᠨ ᠤ ᠬᠦᠮᠦᠷᠭᠡ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠲᠤᠰᠤᠨ ᠤ ᠵᠦᠢᠯ ᠪᠠ ᠲᠤᠰᠤᠨ ᠤ ᠪᠤᠰᠦ ᠵᠦᠢᠯ ᠤᠨ ᠲᠤᠬᠠᠶᠢᠯᠠᠭᠰᠠᠨ ᠠᠵᠢᠯ ᠢ ᠨᠡᠭᠡᠭᠡᠬᠦ᠂ ᠵᠢᠭᠤᠯᠴᠢᠯᠠᠯ ᠤᠨ ᠪᠢᠴᠢᠯ ᠤᠯᠠᠭ᠎ᠠ ᠦᠷᠲᠡᠭᠡ ᠶᠢ ᠪᠠᠶᠢᠭᠤᠯᠬᠤ  ᠵᠡᠷᠭᠡ ᠲᠠᠯ᠎ᠠ ᠶᠢᠨ ᠲᠤᠭᠤᠷᠢᠨ ᠳᠤ ᠶᠠᠷᠢᠯᠴᠠᠵᠤ ᠰᠠᠨᠠᠯ ᠢᠶᠠᠨ ᠰᠤᠯᠢᠯᠴᠠᠪᠠ᠃       ᠭᠤᠣ ᠷᠦᠨ ᠰᠢ ᠳᠤᠮᠳᠠᠳᠤ ᠤᠯᠤᠰ ᠤᠨ ᠴᠢᠯᠠᠭᠤᠨ ᠲᠤᠰᠤ ᠪᠠᠶᠢᠭᠠᠠᠯᠢ ᠶᠢᠨ ᠰᠢᠲᠠᠮᠠᠬᠠᠢ ᠬᠡᠢ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠤᠷᠲᠤ ᠬᠤᠭᠤᠴᠠᠭᠠᠨ ᠤ ᠲᠤᠷᠰᠢ ᠬᠦᠯᠦᠨ ᠪᠤᠶᠢᠷ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠳᠤ ᠪᠠᠨ ᠢᠯᠡᠳᠭᠡᠪᠡ᠃ ᠲᠡᠷᠡ᠂ ᠤᠳᠤᠬᠠᠨ ᠳᠤ᠂ ᠬᠦᠯᠦᠨ ᠪᠤᠶᠢᠷ ᠬᠤᠲᠠ ᠶᠢᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠡᠷᠴᠢᠮ ᠴᠢᠩᠭᠠᠷᠠᠵᠤ᠂ ᠲᠦᠷᠦ ᠶᠢᠨ ᠪᠤᠳᠤᠯᠭ᠎ᠠ ᠶᠢᠨ ᠠᠵᠠ ᠲᠤᠬᠢᠶᠠᠯ᠂ ᠦᠪᠡᠷᠮᠢᠴᠡ ᠳᠠᠪᠠᠭᠤᠯᠢᠭ ᠪᠤᠯᠤᠨ ᠨᠡᠮᠡᠭᠳᠡᠯ ᠤᠨ ᠤᠷᠤᠨ ᠵᠠᠢ ᠲᠦᠷᠭᠡᠨ ᠢᠶᠠᠷ ᠲᠦᠪᠯᠡᠷᠡᠨ ᠨᠡᠶᠢᠯᠡᠯᠳᠦᠵᠤ᠂ ᠤᠷᠤᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠲᠤᠰᠦ ᠬᠡᠢ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠨᠠᠭᠰᠢᠲᠠ ᠠᠬᠢᠭᠤᠯᠬᠤ᠂ ᠰᠢᠨ᠎ᠡ ᠡᠨᠧᠷᠭᠢ ᠶᠢᠨ ᠠᠵᠤ ᠦᠢᠯᠡᠰ ᠢ ᠬᠦᠭᠵᠢᠭᠦᠯᠬᠦ᠂ ᠲᠤᠰᠤᠨ ᠤ ᠵᠦᠢᠯ ᠵᠢᠴᠢ ᠲᠤᠰᠤᠨ ᠤ ᠪᠤᠰᠤ ᠵᠦᠢᠯ ᠤᠨ ᠲᠤᠬᠠᠶᠢᠯᠠᠭᠰᠠᠨ ᠠᠵᠢᠯ ᠢ ᠦᠷᠭᠡᠳᠭᠡᠬᠦ ᠵᠡᠷᠭᠡ ᠲᠠᠯ᠎ᠠ ᠪᠠᠷ ᠨᠡᠩ ᠤᠯᠠᠨ ᠬᠠᠮᠲᠤᠷᠠᠯᠴᠠᠭᠠᠨ ᠤ ᠠᠬᠤᠢ ᠪᠠᠶᠢᠳᠠᠯ ᠪᠤᠯᠤᠨ ᠵᠠᠭᠪᠤᠷ ᠢ ᠬᠠᠩᠭᠠᠵᠠᠢ᠃ ᠬᠤᠶᠠᠷ ᠲᠠᠯ᠎ᠠ ᠪᠠᠷ ᠢᠶᠠᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠨᠧᠷᠭᠢ ᠶᠢᠨ ᠠᠮᠤᠷ ᠲᠦᠪᠰᠢᠨ ᠢ ᠪᠠᠲᠤᠯᠠᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠢ ᠢᠳᠡᠪᠬᠢᠲᠠᠢ ᠪᠠᠷ ᠦᠷᠭᠡᠳᠭᠡᠬᠦ ᠶᠢᠨ ᠬᠠᠮᠲᠤ᠂ ᠬᠦᠯᠦᠨ ᠪᠤᠶᠢᠷ ᠤᠨ ᠰᠤᠶᠤᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠭᠦᠨ ᠠᠭᠤᠳᠠᠯᠵᠤ᠂ ᠲᠤᠰᠤ ᠬᠡᠢ ᠤᠰᠤᠳᠦᠷᠦᠭᠴᠢ ᠴᠠᠬᠢᠯᠭᠠᠨ ᠤ ᠲᠦᠷᠦᠯ ᠵᠦᠢᠯ ᠪᠠ ᠪᠢᠴᠢᠯ ᠤᠯᠠᠭ᠎ᠠ ᠦᠷᠲᠡᠭᠡ ᠶᠢᠨ ᠲᠦᠷᠦᠯ ᠵᠦᠢᠯ ᠤᠨ ᠪᠠᠶᠢᠷᠢᠰᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠦᠢᠯᠡᠳᠪᠦᠷᠢᠯᠡᠯ ᠪᠤᠷᠤᠯᠠᠭᠤᠯᠭ᠎ᠠ ᠶᠢ ᠵᠤᠯᠭᠠᠭᠤᠯᠬᠤ ᠶᠢ ᠴᠢᠩᠭᠠᠳᠬᠠᠵᠤ᠂ ᠲᠤᠰᠤᠨ ᠤ ᠵᠦᠢᠯ ᠪᠠ ᠲᠤᠰᠤᠨ ᠤ ᠪᠤᠰᠦ ᠵᠦᠢᠯ ᠤᠨ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠪᠠ ᠦᠷ᠎ᠡ ᠪᠦᠲᠦᠮᠵᠢ ᠡᠭᠦᠳᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠡᠩ ᠤᠯᠠᠨ ᠬᠡᠷᠡᠭᠯᠡᠭᠡᠨ ᠤ ᠨᠡᠮᠡᠭᠳᠡᠯ ᠤᠨ ᠴᠡᠭ ᠢ ᠪᠤᠶᠢᠵᠢᠭᠤᠯᠵᠤ᠂ ᠤᠷᠤᠨ ᠨᠤᠲᠤᠭ ᠤᠨ ᠬᠡᠯᠪᠡᠷᠢ ᠪᠠᠨ ᠬᠤᠪᠢᠷᠠᠭᠤᠯᠤᠨ ᠬᠦᠭᠵᠢᠬᠦ᠂ ᠪᠤᠬᠢᠷᠳᠤᠯ ᠦᠭᠡᠢ ᠬᠦᠭᠵᠢᠬᠦ᠂ ᠴᠢᠨᠠᠷ ᠰᠠᠶᠢᠲᠠᠢ ᠬᠦᠭᠵᠢᠬᠦ ᠳᠤ ᠨᠡᠩ ᠰᠠᠶᠢᠨ ᠬᠦᠴᠦᠨ ᠨᠡᠮᠡᠷᠢᠯᠡᠨ᠎ᠡ᠃ ᠬᠦᠯᠦᠨ ᠪᠤᠶᠢᠷ ᠬᠤᠲᠠ ᠶᠢᠨ ᠬᠢᠨ ᠴᠢᠬᠤᠯᠠ ︵ᠡᠯᠧᠮᠧᠨᠡᠲ︶ ᠤᠨ ᠪᠠᠲᠤᠯᠠᠭ᠎ᠠ ᠶᠢ ᠲᠡᠭᠦᠯᠳᠡᠷᠵᠢᠭᠦᠯᠵᠦ᠂ ᠰᠠᠭᠤᠭ᠎ᠠ ᠭᠠᠵᠠᠷ ᠤᠨ ᠠᠵᠤ ᠠᠬᠤᠶᠢᠯᠠᠯ ᠤᠨ ᠬᠦᠭᠵᠢᠯᠲᠡ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠵᠤ ᠦᠭᠭᠦᠨ᠎ᠡ ᠭᠡᠵᠠᠢ᠃       ᠷᠧᠨ ᠯᠢ ᠰᠢᠨ‌‍ᠲ᠋ᠤᠮᠳᠠᠳᠤ ᠤᠯᠤᠰ ᠤᠨ ᠴᠢᠯᠠᠭᠤᠨ ᠲᠤᠰᠦ ᠪᠠᠶᠢᠭᠠᠯᠢ ᠶᠢᠨ ᠰᠢᠲᠠᠮᠠᠬᠠᠢ ᠬᠡᠢ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠬᠦᠭᠵᠢᠯᠲᠡ ᠶᠢᠨ ᠪᠠᠶᠢᠳᠠᠯ ᠪᠤᠯᠤᠨ ᠲᠤᠬᠠᠶᠢᠯᠠᠭᠰᠠᠨ ᠠᠵᠢᠯ ᠤᠨ ᠪᠠᠶᠢᠷᠢᠰᠢᠭᠤᠯᠤᠯᠲᠠ ᠶᠢ ᠲᠠᠨᠢᠯᠴᠠᠭᠤᠯᠤᠭᠰᠠᠨ ᠪᠦᠭᠡᠳ ᠬᠤᠶᠠᠷ ᠲᠠᠯ᠎ᠠ ᠶᠢᠨ ᠴᠢᠨᠠᠭᠰᠢᠲᠠ ᠬᠠᠮᠲᠤᠷᠠᠯᠴᠠᠬᠤ ᠴᠢᠬᠤᠯᠠ  ᠲᠠᠢ ᠤᠴᠢᠷ ᠶᠠᠪᠤᠳᠠᠯ ᠳᠤ ᠢᠳᠡᠪᠬᠢᠲᠡᠢ ᠠᠭᠤᠰᠤᠯᠴᠠᠵᠤ᠂ ᠲᠤᠰᠤ ᠬᠡᠢ‌ᠤᠰᠤᠳᠦᠷᠦᠭᠴᠢ ᠴᠠᠬᠢᠯᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠲᠤᠰᠤᠨ ᠤ ᠪᠤᠰᠤ ᠵᠦᠢᠯ ᠤᠨ ᠲᠤᠬᠠᠶᠢᠯᠠᠭᠰᠠᠨ ᠠᠵᠢᠯ ᠢ ᠦᠷᠭᠡᠳᠭᠡᠬᠦ ᠵᠡᠷᠭᠡ ᠲᠠᠯ᠎ᠠ ᠪᠠᠷ ᠨᠡᠩ ᠤᠯᠠᠨ ᠬᠠᠮᠲᠤᠷᠠᠯᠴᠠᠭᠠᠨ ᠤ ᠵᠠᠭᠪᠤᠷ ᠢ ᠰᠦᠪᠡᠭᠴᠢᠯᠡᠵᠦ᠂ ᠨᠡᠩ ᠶᠡᠭᠡ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ ᠭᠡᠵᠤ ᠢᠯᠡᠳᠭᠡᠪᠡ᠃       ᠬᠤᠲᠠ ᠶᠢᠨ ᠤᠳᠤᠷᠢᠳᠤᠯᠭ᠎ᠠ ᠬᠤ᠋ ᠵᠤᠤ ᠮᠢᠨ᠂ ᠼᠦᠩ ᠸᠧᠨ ᠵᠢᠶᠠᠨ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ᠂ ᠬᠤᠲᠠ ᠶᠢᠨ  ᠰᠤᠶᠤᠯ ᠵᠢᠭᠤᠯᠴᠢᠯᠠᠯ ᠤᠨ ᠲᠤᠪᠴᠢᠶ᠎ᠠ ᠪᠤᠯᠤᠨ ᠬᠦᠯᠦᠨ ᠪᠤᠶᠢᠷ ᠤᠨ ᠲᠠᠷᠢᠶᠠᠯᠠᠩ ᠤᠨ ᠠᠲᠠᠷ ᠬᠠᠭᠠᠪᠤᠷᠢᠯᠠᠯᠲᠠ ᠶᠢᠨ ᠪᠦᠯᠦᠭᠯᠡᠯ᠂ ᠬᠦᠯᠦᠨ ᠪᠤᠶᠢᠷ ᠤᠨ ᠲᠠᠷᠢᠶᠠᠯᠠᠩ ᠮᠠᠯ ᠠᠵᠤ ᠠᠬᠤᠢ ᠶᠢᠨ ᠪᠡᠯᠡ ᠤᠷᠤᠭᠤᠯᠤᠯᠲᠠ ᠶᠢᠨ ᠬᠦᠭᠵᠢᠯᠲᠡ ᠶᠢᠨ ᠬᠢᠵᠠᠭᠠᠷᠲᠤ ᠺᠤᠮᠫᠠᠨᠢ ᠶᠢᠨ ᠭᠤᠤᠯ ᠬᠠᠷᠢᠭᠤᠴᠠᠯᠭᠠᠲᠠᠨ ᠨᠦᠬᠦᠳ ᠶᠠᠷᠢᠯᠴᠠᠬᠤ ᠬᠤᠷᠠᠯ ᠳᠤ ᠤᠷᠤᠯᠴᠠᠪᠠ᠃
ᠢᠷᠡᠯᠲᠡ᠄ ᠬᠦᠯᠦᠨ ᠪᠤᠶᠢᠷ ᠤᠨ ᠡᠳᠦᠷ ᠤᠨ ᠰᠤᠨᠢᠨ