ᠵᠢᠢ ᠶᠦᠩ ᠴᠢᠶᠠᠨ ᠪᠦᠯᠬᠦᠮ ᠲᠠᠭᠠᠭᠤᠯᠤᠨ ᠱᠠᠩᠬᠠᠢ ᠶᠢᠨ ᠪᠡᠶ᠎ᠡ ᠶᠢᠨ ᠲᠠᠮᠢᠷ ᠤᠨ ᠶᠡᠭᠡ ᠰᠤᠷᠭᠠᠭᠤᠯᠢ ᠳᠤ ᠬᠦᠷᠴᠦ ᠰᠢᠨᠵᠢᠯᠡᠨ ᠪᠠᠶᠢᠴᠠᠭᠠᠵᠤ ᠬᠠᠮᠳᠤᠷᠠᠯᠴᠠᠭᠠᠨ ᠤ ᠤᠴᠢᠷ ᠶᠠᠪᠤᠳᠠᠯ ᠢ ᠵᠤᠯᠭᠠᠭᠤᠯᠤᠨ ᠰᠤᠷᠭᠠᠭᠤᠯᠢ ᠤᠷᠤᠨ ᠨᠤᠲᠤᠭ ᠤᠨ ᠬᠠᠷᠢᠯᠴᠠᠨ ᠠᠰᠢᠭᠳᠠᠢ ᠬᠠᠮᠳᠤ ᠪᠠᠷ ᠠᠰᠢᠭ ᠬᠦᠷᠳᠡᠨ ᠬᠦᠭᠵᠢᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/5/28
       5 ᠰᠠᠷ᠎ᠠ ᠶᠢᠨ 21 ᠤ ᠡᠳᠤᠷ᠂ ᠬᠦᠯᠤᠨ ᠪᠦᠢᠷ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ᠂ ᠬᠤᠳᠠ ᠶᠢᠨ ᠲᠠᠷᠤᠭ᠎ᠠ ᠵᠢᠢ ᠶᠦᠩ ᠴᠢᠶᠠᠨ ᠪᠦᠯᠬᠦᠮ ᠲᠠᠭᠠᠭᠤᠯᠤᠨ ᠱᠠᠩᠬᠠᠢ ᠶᠢᠨ ᠪᠡᠶ᠎ᠡ ᠶᠢᠨ ᠲᠠᠮᠢᠷ ᠤᠨ ᠶᠡᠭᠡ ᠰᠤᠷᠭᠠᠭᠤᠯᠢ ᠳᠤ ᠬᠦᠷᠴᠦ ᠰᠢᠨᠵᠢᠯᠡᠨ ᠪᠠᠶᠢᠴᠠᠭᠠᠵᠤ ᠠᠵᠢᠯ ᠵᠤᠯᠭᠠᠭᠤᠯᠵᠦ᠂ ᠱᠠᠩᠬᠠᠢ ᠶᠢᠨ ᠪᠡᠶ᠎ᠡ ᠶᠢᠨ ᠲᠠᠮᠢᠷ ᠤᠨ ᠶᠡᠭᠡ ᠰᠤᠷᠭᠠᠭᠤᠯᠢ  ᠶᠢᠨ ᠨᠠᠮ ᠤᠨ ᠬᠤᠷᠢᠶ᠎ᠠ ᠶᠢᠨ ᠲᠡᠳ᠋ ᠱᠦᠵᠢ᠂  ᠰᠤᠷᠭᠠᠭᠤᠯᠢ ᠶᠢᠨ ᠵᠠᠬᠢᠷᠤᠯ ᠮᠠᠤ ᠯᠢ ᠵᠢᠤᠸᠠᠨ ᠲᠠᠢ ᠶᠠᠷᠢᠯᠴᠠᠨ ᠰᠠᠨᠠᠯ ᠢᠶᠠᠨ ᠰᠤᠯᠢᠯᠴᠠᠵᠤ᠂  ᠬᠠᠮᠢᠶ᠎ᠠ ᠪᠦᠬᠦᠢ ᠬᠠᠮᠳᠤᠷᠠᠯᠴᠠᠭᠠᠨ ᠤ ᠤᠴᠢᠷ ᠶᠠᠪᠤᠳᠠᠯ ᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠪᠠ᠃        ᠶᠠᠷᠢᠯᠴᠠᠭᠠᠨ ᠤ ᠬᠤᠷᠠᠯ ᠲᠡᠭᠡᠷ᠎ᠠ᠂  ᠬᠤᠶᠡᠷ ᠲᠠᠯ᠎ᠠ ᠪᠠᠷ ᠢᠶᠠᠨ ᠮᠦᠰᠤ ᠴᠠᠰᠤᠨ ᠤ ᠲᠦᠷᠤᠯ ᠵᠦᠢᠯ ᠤᠨ ᠦᠨᠳᠤᠷ ᠲᠦᠪᠰᠢᠨ ᠪᠦᠬᠦᠢ ᠲᠠᠰᠬᠠᠯᠵᠢᠭᠤᠯᠤᠭᠴᠢ ᠶᠢᠨ  ᠪᠤᠯᠪᠠᠰᠤᠷᠠᠭᠤᠯᠤᠯ ᠤᠨ ᠰᠠᠭᠤᠷᠢᠨ ᠭᠠᠵᠠᠷ᠂  ᠤᠷᠤᠯᠳᠤᠭᠠᠨ ᠤ ᠪᠡᠶ᠎ᠡ ᠶᠢᠨ ᠲᠠᠮᠢᠷ ᠤᠨ ᠲᠤᠰᠬᠠᠢ ᠮᠡᠷᠭᠡᠵᠢᠯ ᠤᠨ  ᠴᠢᠳᠠᠪᠤᠷᠢᠳᠡᠨ ᠤ ᠲᠠᠳᠤᠯᠭ᠎ᠠ ᠶᠢᠨ ᠰᠠᠭᠤᠷᠢᠨ ᠭᠠᠵᠠᠷ᠂  ᠦᠨᠳᠤᠷ ᠲᠦᠪᠰᠢᠨ ᠪᠦᠬᠦᠢ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠤᠯᠪᠠᠰᠤᠷᠠᠯ ᠤᠨ ᠰᠠᠭᠤᠷᠢᠨ ᠭᠠᠵᠠᠷ ᠢ ᠬᠠᠮᠳᠤ ᠪᠠᠷ ᠪᠠᠶᠢᠭᠤᠯᠬᠤ᠂  ᠵᠠᠯᠠᠭᠤᠴᠤᠤᠨ ᠪᠠᠭᠠᠴᠤᠤᠨ ᠤᠨ ᠪᠡᠯᠡᠤᠨᠬᠡᠯ ᠴᠢᠳᠠᠪᠤᠷᠢᠳᠠᠨ ᠢ ᠬᠦᠮᠤᠵᠢᠬᠦᠯᠬᠦ ᠲᠤᠷᠰᠢᠯᠲᠡ ᠶᠢᠨ ᠠᠩᠬᠢ ᠶᠢ ᠬᠠᠮᠳᠤᠷᠠᠨ  ᠡᠷᠬᠢᠯᠡᠬᠦ᠂  ᠠᠷᠪᠠᠨ ᠲᠦᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠠᠷᠠᠭᠠᠬᠢ ᠮᠦᠰᠤ ᠴᠠᠰᠤᠨ ᠤ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠦᠭᠵᠢᠯᠳᠡ ᠶᠢ ᠠᠬᠢᠭᠤᠯᠬᠤ ᠵᠡᠷᠭᠡ ᠲᠠᠯ᠎ᠠ ᠪᠠᠷ ᠬᠦᠨᠵᠡᠬᠡᠢ ᠰᠤᠳᠤᠯᠤᠨ ᠶᠠᠷᠢᠯᠴᠠᠵᠤ᠂ ᠬᠠᠮᠳᠤᠷᠠᠯᠴᠠᠨ ᠬᠦᠭᠵᠢᠬᠦ ᠰᠢᠨ᠎ᠡ ᠬᠠᠭᠤᠳᠠᠰᠤ ᠶᠢ ᠬᠠᠮᠳᠤ ᠪᠠᠷ ᠰᠦᠪᠡᠭᠴᠢᠯᠡᠵᠡᠢ᠃        ᠵᠢᠢ ᠶᠦᠩ ᠴᠢᠶᠠᠨ᠂  ᠬᠦᠯᠤᠨ ᠪᠦᠢᠷ ᠪᠤᠯ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠴᠢᠨᠠᠭᠰᠢᠯᠠᠨ ᠪᠦᠬᠦ ᠤᠯᠤᠰ ᠤᠨ ᠮᠦᠰᠤ ᠴᠠᠰᠤᠨ ᠤ ᠪᠡᠶ᠎ᠡ ᠶᠢᠨ ᠲᠠᠮᠢᠷ ᠤᠨ  ᠬᠦᠳᠡᠯᠭᠡᠭᠡᠨ ᠤ ᠴᠢᠬᠤᠯᠨ ᠰᠠᠭᠤᠷᠢᠨ ᠭᠠᠵᠠᠷ ᠮᠦᠨ᠃  ᠡᠨᠡ ᠵᠢᠯ ᠪᠢᠳᠡ ᠠᠷᠪᠠᠨ ᠲᠦᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠠᠮᠵᠢᠯᠲᠡ ᠲᠠᠢ ᠪᠡᠯᠡᠤᠨᠬᠡᠨ ᠡᠷᠬᠢᠯᠡᠵᠦ᠂ ᠠᠵᠠ ᠲᠤᠬᠢᠶᠠᠯ ᠢ ᠠᠮᠵᠢᠨ ᠮᠦᠰᠤ ᠴᠠᠰᠤᠨ ᠤ ᠪᠡᠶ᠎ᠡ ᠶᠢᠨ ᠲᠠᠮᠢᠷ ᠪᠤᠯᠤᠨ ᠪᠡᠶ᠎ᠡ ᠶᠢᠨ ᠲᠠᠮᠢᠷ ᠤᠨ ᠠᠵᠤ ᠦᠢᠯᠡᠰ ᠢ ᠶᠡᠭᠡ ᠪᠠᠷ ᠬᠦᠭᠵᠢᠬᠦᠯᠵᠦ᠂  ᠰᠠᠭᠤᠷᠢ ᠲᠦᠬᠦᠬᠡᠷᠤᠮᠵᠢ᠂  ᠤᠷᠤᠯᠳᠤᠭᠠᠨ ᠤ ᠠᠵᠢᠯᠯᠠᠭ᠎ᠠ᠂  ᠴᠢᠳᠠᠪᠤᠷᠢᠵᠢᠳᠡᠨ ᠬᠦᠮᠤᠵᠢᠬᠦᠯᠬᠦ᠂  ᠰᠤᠷᠭᠠᠭᠤᠯᠢ ᠶᠢᠨ ᠬᠦᠷᠢᠶᠡᠨ ᠤ ᠮᠦᠰᠤ ᠴᠠᠰᠤ᠂  ᠠᠵᠤ ᠦᠢᠯᠡᠰ ᠤᠨ ᠬᠦᠭᠵᠢᠯᠳᠡ ᠵᠡᠷᠭᠡ ᠲᠠᠯ᠎ᠠ ᠪᠠᠷ ᠨᠢᠭᠡᠳᠤᠯᠳᠠᠢ ᠲᠦᠯᠤᠪᠵᠢᠬᠦᠯᠤᠨ ᠬᠦᠴᠤᠯᠡᠵᠦ᠂ 《 ᠮᠦᠰᠤ ᠴᠠᠰᠤ+》᠂ 《  ᠪᠡᠶ᠎ᠡ ᠶᠢᠨ ᠲᠠᠮᠢᠷ+》 ᠰᠢᠨ᠎ᠡ ᠡᠵᠡᠩᠨᠡᠯᠳᠡ ᠶᠢᠨ ᠬᠡᠯᠪᠡᠷᠢ ᠪᠠᠶᠢᠳᠠᠯ ᠦᠷᠨᠢᠩᠬᠦᠢ ᠬᠦᠭᠵᠢᠵᠦ᠂  ᠮᠦᠰᠤ ᠴᠠᠰᠤᠨ ᠤ ᠠᠵᠤ ᠠᠬᠤᠢ ᠶᠢᠨ ᠬᠦᠴᠤᠷᠭᠡᠭ ᠶᠡᠭᠡ ᠬᠦᠳᠡᠯᠭᠡᠬᠦ ᠬᠦᠴᠤᠨ ᠤᠷᠬᠢᠯᠤᠨ ᠪᠠᠳᠠᠷᠠᠪᠠ᠃  ᠠᠷᠪᠠᠨ ᠲᠦᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠤᠨᠬᠡᠯ ᠠᠵᠢᠯ ᠤᠨ ᠬᠤᠭᠤᠴᠠᠭᠠᠨ ᠳᠤ᠂ ᠮᠠᠨ ᠤ ᠬᠤᠳᠠ ᠱᠠᠩᠬᠠᠢ ᠶᠢᠨ ᠪᠡᠶ᠎ᠡ ᠶᠢᠨ ᠲᠠᠮᠢᠷ ᠤᠨ ᠶᠡᠭᠡ ᠰᠤᠷᠭᠠᠭᠤᠯᠢ ᠯᠤᠭ᠎ᠠ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭ᠎ᠠ ᠦᠷᠨᠢᠬᠦᠯᠵᠦ᠂  ᠦᠪᠤᠷ ᠮᠤᠩᠭᠤᠯ ᠤᠨ ᠮᠦᠰᠤ ᠴᠠᠰᠤᠨ ᠤ ᠪᠡᠶ᠎ᠡ ᠶᠢᠨ ᠲᠠᠮᠢᠷ ᠤᠨ ᠰᠤᠷᠭᠠᠭᠤᠯᠢ ᠪᠤᠯᠤᠨ ᠱᠠᠩᠬᠠᠢ ᠶᠢᠨ ᠪᠡᠶ᠎ᠡ ᠶᠢᠨ ᠲᠠᠮᠢᠷ ᠤᠨ ᠶᠡᠭᠡ ᠰᠤᠷᠭᠠᠭᠤᠯᠢ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠲᠡᠭᠡᠳᠤ ᠰᠤᠷᠭᠠᠭᠤᠯᠢ《 ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠪᠦᠳᠤᠬᠦᠪᠴᠢ ᠵᠦᠪᠯᠡᠯᠴᠡᠭᠡᠷ》 ᠲᠤ ᠭᠠᠷ ᠤᠨ ᠦᠰᠤᠭ᠌ ᠵᠢᠷᠤᠵᠤ᠂  ᠬᠤᠶᠡᠷ ᠲᠠᠯ᠎ᠠ ᠶᠢᠨ ᠬᠠᠮᠳᠤᠷᠠᠯᠴᠠᠭ᠎ᠠ ᠢᠳᠡᠪᠬᠢᠳᠠᠢ ᠦᠷ᠎ᠠ ᠪᠦᠳᠤᠮᠵᠢ ᠤᠯᠵᠠᠢ᠃  ᠱᠠᠩᠬᠠᠢ ᠶᠢᠨ ᠪᠡᠶ᠎ᠡ ᠶᠢᠨ ᠲᠠᠮᠢᠷ ᠤᠨ ᠶᠡᠭᠡ ᠰᠤᠷᠭᠠᠭᠤᠯᠢ ᠮᠠᠨ ᠤ ᠬᠤᠳᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠦᠭᠵᠢᠯᠲᠡ᠂  ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠬᠦᠤᠨᠬᠦ ᠪᠠ ᠦᠷ᠎ᠠ ᠪᠦᠳᠤᠭᠡᠯ ᠢ ᠤᠯᠠᠷᠢᠭᠤᠯᠬᠤ᠂ ᠴᠢᠳᠠᠪᠤᠷᠢᠳᠠᠨ ᠢ ᠰᠤᠯᠢᠯᠴᠠᠬᠤ ᠪᠠ ᠬᠦᠮᠤᠵᠢᠬᠦᠯᠬᠦ ᠵᠡᠷᠭᠡ ᠬᠦᠷᠢᠶᠡᠨ ᠳᠤ ᠨᠡᠩ ᠤᠯᠠᠨ ᠲᠡᠮᠵᠢᠯᠭᠡ ᠬᠠᠩᠭᠠᠵᠤ᠂  ᠨᠡᠩ ᠤᠯᠠᠨ ᠲᠦᠷᠤᠯ ᠵᠦᠢᠯ ᠢ ᠤᠷᠤᠭᠤᠯᠤᠨ ᠠᠪᠴᠢᠷᠠᠵᠤ᠂  ᠬᠦᠯᠤᠨ ᠪᠦᠢᠷ ᠢ ᠦᠪᠡᠷᠳᠡᠭᠡᠨ ᠵᠠᠰᠠᠬᠤ ᠤᠷᠤᠨ ᠴᠢᠨᠠᠭᠰᠢᠯᠠᠨ ᠪᠦᠬᠦ ᠤᠯᠤᠰ ᠤᠨ ᠮᠦᠰᠤ ᠴᠠᠰᠤᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠵᠢᠱᠢᠶ᠎ᠡ ᠦᠵᠡᠬᠦᠯᠬᠦ ᠬᠤᠰᠢᠭᠤᠴᠢ ᠤᠷᠤᠨ ᠪᠤᠯᠭᠠᠨ  ᠪᠠᠶᠢᠭᠤᠯᠬᠤ ᠳᠤ  ᠬᠦᠴᠤᠨ ᠨᠡᠮᠡᠷᠢᠯᠡᠬᠦ ᠶᠢ ᠬᠦᠰᠡᠵᠤ ᠪᠠᠶᠢᠨ᠎ᠠ᠃  ᠮᠠᠨ ᠤ ᠬᠤᠳᠠ ᠢᠵᠢ ᠪᠦᠷᠢᠯᠳᠤᠬᠦᠯᠬᠦ ᠲᠦᠬᠦᠬᠡᠷᠤᠮᠵᠢ ᠶᠢ ᠪᠦᠬᠦ ᠲᠠᠯ᠎ᠠ ᠪᠠᠷ ᠲᠡᠬᠦᠯᠳᠡᠷᠵᠢᠬᠦᠯᠵᠦ᠂  ᠦᠢᠯᠡᠴᠢᠯᠡᠭᠡᠨ ᠤ ᠪᠠᠳᠤᠯᠠᠭ᠎ᠠ ᠶᠢ ᠦᠷᠬᠦᠯᠵᠢᠯᠡᠨ ᠴᠢᠩᠭᠠᠷᠠᠭᠤᠯᠵᠦ᠂ ᠬᠠᠮᠳᠤᠷᠠᠯᠴᠠᠭᠠᠨ ᠤ ᠤᠴᠢᠷ ᠶᠠᠪᠤᠳᠠᠯ ᠤᠨ ᠨᠠᠶᠢᠳᠠᠪᠤᠷᠢᠵᠢᠭᠤᠯᠤᠯᠳᠡ ᠶᠢ ᠪᠦᠬᠦ ᠬᠦᠴᠤᠨ ᠢᠶᠠᠷ ᠢᠶᠠᠨ ᠠᠬᠢᠭᠤᠯᠵᠦ᠂  ᠰᠤᠷᠭᠠᠭᠤᠯᠢ ᠤᠷᠤᠨ ᠨᠤᠲᠤᠭ ᠤᠨ ᠬᠠᠷᠢᠯᠴᠠᠨ ᠠᠰᠢᠭᠳᠠᠢ ᠬᠠᠮᠳᠤ ᠪᠠᠷ ᠠᠰᠢᠭ  ᠬᠦᠷᠳᠡᠨ ᠬᠦᠭᠵᠢᠬᠦ ᠶᠢ ᠠᠬᠢᠭᠤᠯᠤᠨ᠎ᠡ  ᠬᠡᠵᠦ ᠵᠢᠭᠠᠵᠤ ᠭᠠᠷᠭᠠᠪᠠ᠃        ᠮᠠᠤ ᠯᠢ ᠵᠢᠤᠸᠠᠨ᠂  ᠲᠤᠰ ᠪᠡᠶ᠎ᠡ ᠶᠢᠨ ᠲᠠᠪᠠᠭᠤᠯᠢᠭ ᠢᠶᠠᠨ ᠬᠦᠢᠴᠡᠤᠨ ᠪᠠᠳᠠᠷᠠᠭᠤᠯᠵᠦ᠂  ᠬᠦᠯᠤᠨ ᠪᠦᠢᠷ ᠤᠨ ᠮᠦᠰᠤ ᠴᠠᠰᠤᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠪᠤᠯᠤᠨ ᠮᠦᠰᠤ ᠴᠠᠰᠤᠨ ᠤ ᠠᠵᠤ ᠦᠢᠯᠡᠰ ᠤᠨ ᠬᠦᠭᠵᠢᠯᠳᠡ ᠰᠢᠰᠲ᠋ᠧᠮ ᠳᠤ ᠢᠳᠡᠪᠬᠢᠳᠠᠢ ᠠᠭᠤᠰᠤᠯᠴᠠᠵᠤ᠂  ᠴᠢᠳᠠᠪᠤᠷᠢᠳᠡᠨ ᠤ ᠰᠢᠯᠵᠢᠯᠳᠡ᠂  ᠬᠢᠴᠢᠶᠠᠯ ᠤᠨ ᠰᠢᠰᠲ᠋ᠧᠮ ᠤᠨ ᠪᠠᠶᠢᠭᠤᠯᠤᠯᠳᠡ᠂  ᠪᠠᠭᠰᠢ ᠨᠠᠷ ᠤᠨ ᠬᠠᠷᠢᠯᠴᠠᠨ ᠬᠤᠯᠪᠤᠭᠠᠯᠠᠨ ᠬᠦᠳᠡᠯᠤᠯᠴᠡᠬᠦ ᠵᠡᠷᠭᠡ ᠲᠠᠯ᠎ᠠ ᠪᠠᠷ ᠤᠯᠤᠯᠴᠠᠭ᠎ᠠ ᠵᠤᠯᠭᠠᠯᠴᠠᠭ᠎ᠠ ᠪᠠᠨ ᠴᠢᠨᠠᠭᠰᠢᠳᠠ ᠬᠦᠨᠵᠡᠬᠡᠶᠢᠷᠡᠬᠦᠯᠵᠦ᠂  ᠬᠤᠶᠠᠷ ᠲᠠᠯ᠎ᠠ ᠶᠢᠨ ᠬᠠᠮᠳᠤᠷᠠᠯᠴᠠᠭ᠎ᠠ ᠨᠡᠩ ᠤᠯᠠᠨ ᠦᠷ᠎ᠠ ᠪᠦᠳᠤᠬᠡᠯ ᠤᠯᠬᠤ ᠶᠢ  ᠠᠬᠢᠭᠤᠯᠤᠨ᠎ᠠ ᠭᠡᠵᠦ ᠢᠯᠡᠤᠨᠬᠡᠪᠡ᠃        ᠬᠤᠳᠠ ᠶᠢᠨ ᠰᠢᠭᠤᠤᠨ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠦᠪᠤᠷ ᠮᠤᠩᠭᠤᠯ ᠤᠨ ᠮᠦᠰᠤ ᠴᠠᠰᠤᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠰᠤᠷᠭᠠᠭᠤᠯᠢ ᠶᠢᠨ ᠭᠤᠤᠯ ᠬᠠᠷᠢᠭᠤᠴᠠᠯᠭᠠᠳᠠᠨ ᠨᠦᠬᠦᠤᠨ ᠶᠠᠷᠢᠯᠴᠠᠬᠤ ᠬᠤᠷᠠᠯ ᠳᠤ  ᠤᠷᠤᠯᠴᠠᠪᠠ᠃
ᠢᠷᠡᠯᠲᠡ᠄ ᠬᠦᠯᠦᠨ ᠪᠤᠶᠢᠷ ᠤᠨ ᠡᠳᠦᠷ ᠤᠨ ᠰᠤᠨᠢᠨ