2024 ᠣᠨ ᠤ ᠬᠥᠯᠥᠨ ᠪᠤᠶᠢᠷ ᠬᠤᠲᠠ ᠶᠢᠨ ᠭᠠᠯ ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠬᠠᠮᠢᠶᠠᠷᠤᠯᠳᠠ ᠳᠤ ᠪᠠᠶᠢᠭ᠎ᠠ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠢ ᠳᠤ ᠲᠣᠬᠢᠷᠠᠭᠤᠯᠤᠯᠲᠠ ᠬᠢᠬᠦ ᠲᠤᠬᠠᠢ ᠬᠥᠯᠥᠨ ᠪᠤᠶᠢᠷ ᠬᠤᠲᠠ ᠶᠢᠨ ᠭᠠᠯ ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2024/5/29
       ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠭᠡᠶᠢᠯᠡᠨ ᠤᠨᠲᠠᠷᠠᠭᠠᠬᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠨ ᠤᠨᠲᠠᠷᠠᠭᠠᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ  ᠲᠠᠢ ᠨᠢᠭᠡᠴᠢ ᠶᠢ ᠵᠠᠭᠠᠭᠯᠠᠨ ᠲᠣᠭᠲᠠᠭᠠᠬᠤ ᠪᠠᠷᠢᠮᠵᠢᠶ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠬᠦ  ᠶᠢᠨ ᠳᠠᠭᠠᠤ ︽︿ᠬᠤᠶᠠᠷ ᠢ ᠲᠠᠰᠢᠷᠠᠮ ᠢᠶᠠᠷ᠂ ᠨᠢᠭᠡ ᠶᠢ ᠢᠯᠡ ᠪᠣᠯᠭᠠᠬᠤ﹀ ᠭᠠᠯ ᠰᠡᠷᠭᠡᠶᠢᠯᠡᠨ ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠪᠠ ︽ᠭᠠᠯ ᠰᠡᠷᠭᠡᠶᠢᠯᠡᠨ ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢ ᠬᠠᠯᠠᠨ ᠰᠠᠶᠢᠵᠢᠷᠠᠭᠤᠯᠵᠤ ᠭᠠᠯ ᠤᠨ ᠭᠠᠮᠰᠢᠭ ᠢ ᠰᠡᠷᠭᠡᠶᠢᠯᠡᠬᠦ ᠠᠵᠢᠯ ᠢ ᠴᠢᠩᠭᠠᠳᠬᠠᠬᠤ ᠲᠤᠬᠠᠢ ᠰᠠᠨᠠᠯ︾ ᠤᠨ ᠪᠣᠳᠠᠲᠠᠢ ᠱᠠᠭᠠᠷᠳᠠᠯᠭ᠎ᠠ ᠶᠣᠰᠣᠭᠠᠷ᠂ ᠬᠥᠯᠥᠨ ᠪᠤᠶᠢᠷ ᠬᠤᠲᠠ ᠶᠢᠨ ᠭᠠᠯ ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠬᠢᠨ ᠪᠦᠬᠦ ᠬᠤᠲᠠ ᠶᠢᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠢ ᠳᠤ ᠲᠣᠬᠢᠷᠠᠭᠤᠯᠤᠯᠲᠠ ᠬᠢᠵᠦ᠂ ᠡᠭᠦᠨ ᠤ ᠬᠠᠮᠲᠤ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠶᠢ ᠬᠡᠷᠡᠭᠵᠢᠭᠦᠯᠵᠦ᠂ ᠰᠠᠯᠪᠤᠷᠢ ᠠᠩᠭᠢ ᠠᠴᠠ ᠵᠠᠳᠠᠯᠤᠨ ᠰᠤᠳᠤᠯᠵᠤ ᠮᠠᠭᠠᠳᠯᠠᠬᠤ᠂ ᠪᠠᠶᠢᠷᠢᠯᠠᠭᠤᠯᠤᠨ ᠠᠬᠢᠭᠤᠯᠬᠤ᠂ ᠲᠤᠰᠬᠠᠢ ᠮᠡᠷᠭᠡᠵᠢᠯ ᠢᠶᠠᠷ ᠵᠢᠭᠠᠨ ᠵᠢᠯᠤᠭᠤᠳᠬᠤ᠂ ᠰᠢᠮᠳᠠᠭᠤᠯᠬᠤ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠭᠤᠣᠯᠳᠠᠯᠭ᠎ᠠ ᠲᠠᠢ ᠬᠠᠷᠢᠭᠤᠴᠠᠵᠤ᠂ ᠬᠦᠴᠢᠷ ᠲᠦᠪᠡᠭᠲᠡᠢ ᠪᠤᠳᠤᠯᠢᠶᠠᠨᠲᠠᠢ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠡᠯ᠎ᠡ ᠵᠠᠰᠠᠭ ᠵᠠᠬᠢᠷᠭᠠᠨ ᠤ ᠣᠷᠣᠨ ᠳᠣᠲᠣᠷᠠᠬᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠠᠴᠠ ᠬᠠᠷᠢᠭᠤᠴᠠᠨ ᠬᠢᠨᠠᠯᠲᠠ ᠲᠠᠯᠪᠢᠵᠤ ᠪᠠᠶᠢᠴᠠᠭᠠᠬᠤ᠂ ᠳᠠᠯᠳᠠ ᠬᠡᠮ ᠢ ᠰᠢᠮᠳᠠᠭᠤᠯᠤᠨ ᠥᠭᠡᠷᠡᠴᠢᠯᠡᠬᠦ᠂ ᠬᠠᠤᠯᠢ  ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠴᠦ᠂ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃        ᠰᠠᠯᠪᠤᠷᠢ ᠠᠩᠭᠢ ᠨᠢ ᠲᠤᠬᠠᠢ ᠶᠢᠨ ᠭᠠᠵᠠᠷ ᠤᠨ ᠨᠡᠶᠢᠭᠡᠮ ᠤᠨ ᠨᠢᠭᠡᠴᠢ ᠶᠢᠨ ᠶᠡᠷᠦᠩᠬᠡᠢ ᠬᠡᠮᠵᠢᠶ᠎ᠡ᠂ ᠠᠵᠢᠯ ᠲᠥᠷᠥᠯ ᠤᠨ ᠬᠥᠭᠵᠢᠯᠲᠡ ᠶᠢᠨ ᠪᠠᠶᠢᠳᠠᠯ ᠵᠢᠴᠢ ᠭᠠᠯ ᠤᠨᠲᠠᠷᠠᠭᠠᠬᠤ ᠶᠢ ᠬᠢᠨᠠᠨ ᠬᠠᠮᠢᠶᠠᠷᠬᠤ ᠬᠦᠴᠦᠨ᠂ ᠬᠢᠨᠠᠨ ᠬᠠᠮᠢᠶᠠᠷᠬᠤ ᠴᠢᠳᠠᠪᠤᠷᠢ ᠵᠡᠷᠭᠡ ᠬᠦᠴᠦᠨ ᠵᠦᠢᠯ ᠲᠠᠢ ᠤᠶᠠᠯᠳᠤᠭᠤᠯᠤᠨ᠂ ᠮᠠᠨ ᠤ ᠬᠤᠳᠠ ᠶᠢᠨ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠵᠢᠭᠰᠠᠭᠠᠨ ᠬᠠᠮᠢᠶᠠᠷᠴᠤ ᠪᠠᠶᠢᠭ᠎ᠠ ᠭᠠᠯ ᠰᠡᠷᠭᠡᠶᠢᠯᠡᠨ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯᠳᠠᠯᠭ᠎ᠠ ᠲᠠᠢ ᠨᠢᠭᠡᠴᠢ ᠳᠤ ᠰᠢᠨ᠎ᠡ ᠪᠠᠷ ᠲᠣᠬᠢᠷᠠᠭᠤᠯᠤᠯᠲᠠ ᠬᠢᠭᠰᠡᠨ ᠤ ᠲᠠᠷᠠᠭ᠎ᠠ᠂ ᠬᠥᠯᠥᠨ ᠪᠤᠶᠢᠷ ᠬᠤᠳᠠ ᠶᠢᠨ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠵᠢᠭᠰᠠᠭᠠᠨ ᠬᠠᠮᠢᠶᠠᠷᠴᠤ ᠪᠠᠶᠢᠭ᠎ᠠ ᠭᠠᠯ ᠰᠡᠷᠭᠡᠶᠢᠯᠡᠨ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯᠳᠠᠯᠭ᠎ᠠ ᠲᠠᠢ ᠨᠢᠭᠡᠴᠢ ᠶᠢᠨ ᠲᠤᠭ᠎ᠠ 1738 ᠪᠣᠯᠪᠠ᠃        ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠭᠡᠶᠢᠯᠡᠨ ᠤᠨᠲᠠᠷᠠᠭᠠᠬᠤ ᠬᠠᠤᠯᠢ︾ ᠶᠢᠨ ᠲᠣᠭᠲᠠᠭᠠᠯ ᠶᠣᠰᠣᠭᠠᠷ᠂ ᠨᠢᠭᠡᠨᠲᠡ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠳᠠᠩᠰᠠᠯᠠᠭᠤᠯᠵᠤ᠂ ᠡᠳᠦᠭᠡ ᠬᠤᠲᠠ ᠶᠢᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠭᠡᠮ ᠳᠤ ᠠᠯᠪᠠᠨ ᠵᠠᠷ ᠨᠡᠶᠢᠲᠡᠯᠡᠨ᠎ᠡ᠃       ᠳᠠᠭᠠᠯᠳᠤᠭᠤᠯᠤᠯ᠄ ᠬᠥᠯᠥᠨ ᠪᠤᠶᠢᠷ ᠬᠤᠲᠠ ᠶᠢᠨ ᠭᠠᠯ ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠵᠢᠭᠰᠠᠭᠠᠨ ᠬᠠᠮᠢᠶᠠᠷᠴᠤ ᠪᠠᠶᠢᠭ᠎ᠠ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠢ ᠶᠢᠨ ᠨᠡᠷᠡᠰ                                    ᠬᠥᠯᠥᠨ ᠪᠤᠶᠢᠷ ᠬᠤᠲᠠ ᠶᠢᠨ ᠭᠠᠯ ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ                                                      2024 ᠣᠨ ᠤ 4 ᠰᠠᠷ᠎ᠠ ᠶᠢᠨ 24 ᠤ ᠡᠳᠦᠷ   
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ