︽ᠬᠥᠯᠥᠨ ᠪᠤᠶᠢᠷ ᠬᠤᠲᠠ ᠶᠢᠨ ᠬᠠᠷᠰᠢᠮᠠᠲᠠᠭᠠᠢ ᠬᠠᠮᠠᠷ ᠤᠨ ᠦᠷᠪᠢᠰᠦᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠥᠰᠥᠯ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠶᠠᠪᠤᠭᠤᠯᠬᠤ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/5/30
       ᠭᠤᠷᠪᠠ᠂ ᠠᠵᠢᠯ ᠤᠨ ᠠᠷᠭ᠎ᠠ ᠬᠡᠮᠵᠢᠶ᠎ᠡ        ︵ᠨᠢᠭᠡ︶ ᠬᠠᠷᠰᠢᠮᠠᠲᠠᠭᠠᠢ ᠬᠦᠴᠦᠨ ᠵᠦᠢᠯ ᠤᠨ ᠬᠥᠳᠡᠯᠦᠩᠭᠦᠢ ᠬᠢᠨᠠᠨ ᠬᠡᠮᠵᠢᠯᠲᠡ ᠶᠢ ᠥᠷᠨᠢᠭᠦᠯᠦᠨ᠎ᠡ᠃ ᠮᠠᠨ ᠤ ᠬᠤᠲᠠ ᠶᠢᠨ ᠲᠠᠷᠢᠶᠠᠯᠠᠬᠤ ᠣᠷᠣᠨ᠂ ᠮᠠᠯᠵᠢᠬᠤ ᠣᠷᠣᠨ᠂ ᠰᠢᠭᠤᠶᠢᠲᠤ ᠣᠷᠣᠨ᠂ ᠬᠤᠲᠠ ᠲᠣᠭᠤᠷᠢᠭ ᠵᠡᠷᠭᠡ ᠭᠠᠵᠠᠷ ᠵᠦᠢ ᠪᠠ ᠠᠮᠢ ᠠᠬᠤᠢ ᠶᠢᠨ ᠣᠨᠴᠠᠯᠢᠭ ᠲᠤ ᠰᠠᠭᠤᠷᠢᠯᠠᠨ᠂ ᠴᠠᠭ ᠠᠭᠤᠷ ᠤᠨ ᠬᠢᠨᠠᠨ ᠬᠡᠮᠵᠢᠬᠦ ᠥᠷᠲᠡᠭᠡ᠂ ᠣᠶ ᠰᠢᠭᠤᠢ ᠶᠢᠨ ᠬᠠᠮᠢᠶᠠᠷᠤᠨ ᠬᠠᠮᠠᠭᠠᠯᠠᠬᠤ ᠥᠷᠲᠡᠭᠡ᠂ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠬᠡᠮᠵᠢᠬᠦ ᠥᠷᠲᠡᠭᠡ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠲᠦᠰᠢᠭᠯᠡᠨ᠂ ᠠᠭᠠᠷ ᠢᠶᠠᠷ ᠳᠠᠮᠵᠢᠨ ᠬᠠᠷᠰᠢᠭᠤᠯᠬᠤ ᠴᠡᠴᠡᠭ ᠤᠨ ᠲᠣᠭᠤᠰᠣ ᠶᠢ ᠬᠢᠨᠠᠨ ᠬᠡᠮᠵᠢᠬᠦ ᠴᠡᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠴᠡᠴᠡᠭ ᠤᠨ ᠲᠣᠭᠤᠰᠣ ᠶᠢᠨ ᠬᠡᠮᠵᠢᠭᠦᠷᠯᠢᠭ ᠢ ᠲᠣᠬᠢᠷᠠᠭᠤᠯᠤᠨ᠂ ᠬᠢᠨᠠᠨ ᠬᠡᠮᠵᠢᠬᠦ ᠠᠵᠢᠯᠲᠠᠨ ᠢ ᠪᠣᠯᠪᠠᠰᠤᠷᠠᠭᠤᠯᠵᠤ᠂ ᠲᠡᠳᠡᠨ ᠤ ᠴᠡᠴᠡᠭ ᠤᠨ ᠲᠣᠭᠤᠰᠣ ᠳᠤ ᠬᠠᠷᠰᠢᠮᠠᠲᠠᠭᠠᠢ ᠤᠷᠭᠤᠮᠠᠯ ᠢ ᠢᠯᠭᠠᠨ ᠲᠠᠨᠢᠬᠤ᠂ ᠬᠡᠪ ᠵᠠᠭᠪᠤᠷ ᠴᠤᠭᠯᠠᠭᠤᠯᠬᠤ᠂ ᠴᠡᠴᠡᠭ ᠤᠨ ᠲᠣᠭᠤᠰᠣ  ᠶᠢᠨ ᠢᠯᠲᠠᠰᠤ ᠦᠢᠯᠡᠳᠬᠦ ᠴᠢᠳᠠᠪᠤᠷᠢ ᠶᠢ ᠳᠡᠭᠡᠭᠰᠢᠯᠡᠭᠦᠯᠦᠨ᠂ ᠬᠢᠨᠠᠨ ᠬᠡᠮᠵᠢᠬᠦ ᠲᠣᠣᠷ ᠰᠦᠯᠵᠢᠶ᠎ᠡ ᠶᠢ ᠪᠠᠶᠢᠭᠤᠯᠵᠤ᠂ ᠬᠢᠨᠠᠨ ᠬᠡᠮᠵᠢᠭᠰᠡᠨ ᠮᠡᠳᠡᠭᠡ ᠵᠠᠩᠭᠢ ᠶᠢ ᠣᠯᠬᠤ᠂ ᠴᠤᠭᠯᠠᠭᠤᠯᠬᠤ᠂ ᠵᠠᠳᠠᠯᠬᠤ᠂ ᠨᠡᠶᠢᠲᠡᠯᠡᠬᠦ ᠳᠦᠷᠢᠮ ᠢ ᠪᠠᠶᠢᠭᠤᠯᠵᠤ᠂ ᠲᠥᠯᠥᠭᠡᠯᠡᠬᠦ ᠴᠢᠨᠠᠷᠲᠠᠢ ᠣᠯᠠᠨ ᠴᠡᠭᠲᠦ ᠠᠭᠠᠷ ᠢᠶᠠᠷ ᠳᠠᠮᠵᠢᠨ ᠬᠠᠷᠰᠢᠭᠤᠯᠬᠤ ᠴᠡᠴᠡᠭ ᠤᠨ ᠲᠣᠭᠤᠰᠣ ᠶᠢ ᠬᠢᠨᠠᠨ ᠬᠡᠮᠵᠢᠬᠦ ᠰᠢᠰᠲ᠋ᠧᠮ ᠢ ᠪᠦᠷᠢᠨᠰᠢᠭᠦᠯᠦᠨ᠎ᠡ᠃ ᠬᠢᠨᠠᠨ ᠬᠡᠮᠵᠢᠵᠦ ᠰᠤᠳᠤᠯᠬᠤ ᠪᠠᠷ ᠳᠠᠮᠵᠢᠨ᠂ ᠪᠥᠬᠦ ᠬᠤᠲᠠ ᠶᠢᠨ ᠠᠭᠠᠷ ᠢᠶᠠᠷ ᠳᠠᠮᠵᠢᠨ ᠬᠠᠷᠰᠢᠭᠤᠯᠬᠤ ᠴᠡᠴᠡᠭ ᠤᠨ ᠲᠣᠭᠤᠰᠣᠨ ᠤ ᠳᠦᠷᠰᠦ ᠶᠢᠨ ᠪᠦᠷᠢᠯᠳᠦᠯ᠂ ᠲᠠᠷᠬᠠᠯᠲᠠ ᠶᠢᠨ ᠣᠨᠴᠠᠯᠢᠭ᠂ ᠬᠡᠶᠢᠰᠦᠨ ᠰᠠᠷᠨᠢᠬᠤ ᠵᠢᠮ᠎ᠡ ᠶᠣᠰᠣ᠂ ᠬᠤᠯᠪᠣᠭᠳᠠᠬᠤ ᠬᠦᠴᠦᠨ ᠵᠦᠢᠯ ᠵᠡᠷᠭᠡ ᠶᠢ ᠡᠵᠡᠮᠰᠢᠵᠦ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ᠂ ᠴᠠᠭ ᠠᠭᠤᠷ ᠤᠨ ᠨᠥᠬᠦᠴᠡᠯ ᠳᠤ ᠰᠠᠭᠤᠷᠢᠯᠠᠭᠰᠠᠨ ᠴᠡᠴᠡᠭ ᠤᠨ ᠲᠣᠭᠤᠰᠣᠨ ᠤ ᠥᠳᠬᠡᠴᠡ ᠶᠢ ᠤᠷᠢᠳᠴᠢᠯᠠᠨ ᠮᠡᠳᠡᠭᠡᠯᠡᠬᠦ ᠵᠠᠭᠪᠤᠷ ᠤᠨ ᠰᠤᠳᠤᠯᠭᠠᠨ ᠢ ᠥᠷᠨᠢᠭᠦᠯᠵᠦ᠂ ᠬᠠᠷᠰᠢᠭᠤᠯᠬᠤ ᠴᠡᠴᠡᠭ ᠤᠨ ᠲᠣᠭᠤᠰᠣ ᠶᠢ ᠤᠷᠢᠳᠴᠢᠯᠠᠨ ᠮᠡᠳᠡᠭᠡᠯᠡᠬᠦ ᠬᠡᠷᠡᠭᠯᠡᠭᠡᠨ ᠤ ᠰᠤᠳᠤᠯᠭᠠᠨ ᠤ ᠬᠠᠶᠢᠨ ᠰᠦᠪᠡᠭᠴᠢᠯᠡᠯᠲᠡ ᠶᠢ ᠬᠠᠮᠲᠤᠷᠠᠨ ᠥᠷᠨᠢᠭᠦᠯᠵᠦ᠂ ᠴᠡᠴᠡᠭ ᠤᠨ ᠲᠣᠭᠤᠰᠣᠨ ᠤ ᠥᠳᠬᠡᠴᠡ ᠶᠢᠨ ᠴᠠᠭ ᠠᠭᠤᠷ ᠤᠨ ᠨᠦᠯᠦᠭᠡᠯᠡᠯ ᠢ ᠤᠷᠢᠳᠴᠢᠯᠠᠨ ᠮᠡᠳᠡᠭᠡᠯᠡᠬᠦ ᠶᠢ ᠥᠷᠨᠢᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠴᠠᠭ ᠠᠭᠤᠷ ᠤᠨ ᠲᠣᠪᠴᠢᠶ᠎ᠠ ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠯᠥᠨ ᠪᠤᠶᠢᠷ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠵᠢᠴᠢ ᠬᠠᠮᠢᠶ᠎ᠠ ᠪᠦᠬᠦᠢ ᠡᠮᠴᠢᠯᠡᠭᠡᠨ ᠤ ᠪᠠᠶᠢᠭᠤᠯᠤᠮᠵᠢ︶        ︵ᠬᠤᠶᠠᠷ︶ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠨ ᠰᠤᠳᠤᠯᠤᠯᠲᠠ ᠶᠢ ᠡᠬᠢᠯᠡᠭᠦᠯᠦᠨ᠎ᠡ᠃ ᠳᠠᠪᠠᠭᠤᠯᠢᠭ ᠡᠬᠢ ᠪᠠᠶᠠᠯᠢᠭ ᠢ ᠲᠥᠪᠯᠡᠷᠡᠭᠦᠯᠦᠨ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠨ ᠰᠤᠳᠤᠯᠤᠯᠲᠠ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠤᠷᠤᠰᠤᠯ ᠲᠣᠬᠢᠷᠠᠭᠤᠯᠤᠯᠲᠠ ᠶᠢᠨ ᠲᠥᠰᠥᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠲᠦᠷᠦᠭᠦᠯᠡᠨ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠣᠯᠠᠨ ᠱᠠᠲᠤ ᠳᠠᠪᠬᠤᠷᠭ᠎ᠠ ᠬᠤᠪᠢᠶᠠᠨ ᠪᠦᠬᠦᠯᠢᠭᠵᠢᠯ ᠠᠴᠠ ᠲᠠᠰᠢᠷᠠᠮ ᠢᠶᠠᠷ ᠶᠠᠩᠵᠤ ᠰᠤᠭᠤᠯᠴᠠᠬᠤ ᠠᠷᠭ᠎ᠠ ᠶᠢ ᠬᠡᠷᠡᠭᠯᠡᠵᠦ᠂ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠪᠠ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠨᠵᠢᠯᠲᠡ ᠵᠡᠷᠭᠡ ᠪᠠᠶᠢᠴᠠᠭᠠᠯᠲᠠ ᠶᠢᠨ ᠠᠷᠭ᠎ᠠ ᠪᠠᠷ ᠳᠡᠮᠵᠢᠨ᠂ ᠮᠠᠨ ᠤ ᠬᠤᠲᠠ ᠶᠢᠨ 6 — 79 ᠨᠠᠰᠤᠨ ᠤ ᠪᠠᠶᠢᠩᠭᠤ ᠰᠠᠭᠤᠭᠠᠯᠢ ᠠᠷᠠᠳ ᠤᠨ ᠬᠠᠷᠰᠢᠮᠠᠲᠠᠭᠠᠢ ᠬᠠᠮᠠᠷ ᠤᠨ ᠦᠷᠪᠢᠰᠦᠯ ᠤᠨ ᠡᠪᠡᠳᠴᠢᠨ ᠡᠭᠦᠰᠬᠡᠬᠦ ᠬᠦᠴᠦᠨ ᠵᠦᠢᠯ ᠵᠢᠴᠢ ᠳᠡᠯᠭᠡᠷᠡᠵᠦ ᠪᠠᠶᠢᠭ᠎ᠠ ᠣᠨᠴᠠᠯᠢᠭ ᠢ ᠡᠵᠡᠮᠰᠢᠵᠦ᠂ ᠮᠠᠨ ᠤ ᠬᠤᠲᠠ ᠶᠢᠨ ᠬᠠᠷᠰᠢᠮᠠᠲᠠᠭᠠᠢ ᠬᠠᠮᠠᠷ ᠤᠨ ᠦᠷᠪᠢᠰᠦᠯ ᠤᠨ ᠬᠥᠮᠥᠰ ᠤᠨ ᠳᠤᠮᠳᠠ ᠳᠡᠯᠭᠡᠷᠡᠵᠦ ᠪᠠᠶᠢᠭ᠎ᠠ ᠣᠳᠣᠬᠢ ᠪᠠᠶᠢᠳᠠᠯ ᠵᠢᠴᠢ ᠬᠤᠪᠢᠷᠠᠯᠲᠠ ᠶᠢᠨ ᠬᠠᠨᠳᠤᠰᠢ ᠶᠢ ᠪᠥᠬᠦ ᠲᠠᠯ᠎ᠠ ᠪᠠᠷ ᠣᠶᠢᠯᠠᠭᠠᠵᠤ᠂ ᠰᠠᠭᠤᠷᠢ ᠲᠤᠭ᠎ᠠ ᠪᠠᠷᠢᠮᠲᠠ ᠶᠢ ᠦᠨᠡᠨ ᠬᠦ ᠲᠣᠳᠣᠷᠬᠠᠢ ᠣᠶᠢᠯᠠᠭᠠᠵᠤ᠂ ᠭᠤᠣᠯ ᠠᠶᠤᠯᠲᠠᠢ ᠬᠦᠴᠦᠨ ᠵᠦᠢᠯ ᠳᠤ ᠵᠠᠳᠠᠯᠤᠯᠲᠠ ᠬᠢᠵᠦ᠂ ᠲᠦᠭᠰᠢᠭᠦᠷᠢ ᠶᠢᠨ ᠬᠦᠴᠦᠨ ᠵᠦᠢᠯ ᠤᠨ ᠵᠠᠭᠪᠤᠷ ᠢ ᠪᠣᠶ ᠪᠣᠯᠭᠠᠨ᠂ ᠡᠪᠡᠳᠴᠢᠨ ᠤ ᠰᠢᠯᠲᠠᠭᠠᠨ ᠤ ᠰᠦᠪᠡᠭᠴᠢᠯᠡᠯᠲᠡ ᠳᠤ ᠰᠠᠭᠤᠷᠢ ᠲᠤᠭ᠎ᠠ ᠪᠠᠷᠢᠮᠲᠠ ᠬᠠᠩᠭᠠᠵᠤ᠂ ᠬᠠᠷᠰᠢᠮᠠᠲᠠᠭᠠᠢ ᠬᠠᠮᠠᠷ ᠤᠨ ᠦᠷᠪᠢᠰᠦᠯ ᠲᠠᠢ ᠡᠪᠡᠳᠴᠢᠲᠡᠨ ᠢ ᠡᠷᠲᠡ ᠤᠷᠢᠳᠴᠢᠯᠠᠨ ᠰᠡᠷᠡᠮᠵᠢᠯᠡᠭᠦᠯᠵᠦ᠂ ᠡᠷᠲᠡ ᠡᠮᠨᠡᠨ ᠵᠠᠰᠠᠬᠤ ᠶᠢ ᠪᠡᠶᠡᠯᠡᠭᠦᠯᠵᠦ᠂ ᠪᠥᠬᠦ ᠬᠤᠲᠠ ᠶᠢᠨ ᠲᠠᠷᠠᠭᠠᠴᠢ ᠶᠢᠨ ᠠᠯᠬᠤᠮ ᠳᠤ ᠰᠡᠷᠭᠡᠶᠢᠯᠡᠨ ᠵᠠᠰᠠᠬᠤ ᠲᠥᠷᠥ ᠶᠢᠨ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠳᠤ ᠰᠠᠭᠤᠷᠢ ᠲᠠᠯᠪᠢᠵᠤ ᠥᠭᠭᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠵᠢᠴᠢ ᠬᠠᠮᠢᠶ᠎ᠠ ᠪᠦᠬᠦᠢ ᠡᠮᠴᠢᠯᠡᠭᠡᠨ ᠤ ᠪᠠᠶᠢᠭᠤᠯᠤᠮᠵᠢ︶        ︵ᠭᠤᠷᠪᠠ︶ ᠡᠮᠴᠢᠯᠡᠭᠡᠨ ᠤ ᠣᠨᠣᠰᠢᠯᠠᠨ ᠡᠮᠨᠡᠬᠦ ᠪᠦᠲᠦᠮᠵᠢᠲᠡᠶ ᠠᠷᠭ᠎ᠠ ᠶᠢ ᠰᠦᠪᠡᠭᠴᠢᠯᠡᠨ᠎ᠡ᠃ ᠡᠮᠴᠢᠯᠡᠭᠡᠨ ᠤ ᠤᠨᠤᠰᠢᠯᠠᠨ ᠡᠮᠨᠡᠬᠦ ᠰᠤᠳᠤᠯᠭᠠᠨ ᠢ ᠥᠷᠨᠢᠭᠦᠯᠵᠦ᠂ ᠬᠥᠯᠥᠨ ᠪᠤᠶᠢᠷ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠳᠤ ᠲᠦᠰᠢᠭᠯᠡᠨ᠂ ᠬᠤᠪᠢᠷᠠᠮᠠᠯ ᠤᠷᠪᠠᠯ ᠤᠨ ᠣᠨᠣᠰᠢᠯᠠᠨ ᠡᠮᠨᠡᠬᠦ ᠲᠥᠪ ᠪᠠᠶᠢᠭᠤᠯᠵᠤ᠂ ᠠᠷᠠᠰᠤᠨ ᠤ ᠰᠢᠪᠡᠬᠦ ᠲᠤᠷᠰᠢᠯᠲᠠ᠂ ᠬᠠᠷᠰᠢᠯ ᠲᠠᠶᠢᠯᠬᠤ ᠡᠮᠴᠢᠯᠡᠭᠡ᠂ ᠠᠮᠢᠳᠤ ᠪᠣᠳᠠᠰ ᠤᠨ ᠬᠠᠨᠳᠤᠯᠭᠠᠲᠤ ᠡᠮᠴᠢᠯᠡᠭᠡ ᠵᠡᠷᠭᠡ ᠲᠡᠷᠢᠭᠦᠨ ᠤ ᠣᠨᠣᠰᠢᠯᠠᠨ ᠡᠮᠨᠡᠬᠦ ᠮᠡᠷᠭᠡᠵᠢᠯ ᠢ ᠣᠷᠣᠭᠤᠯᠤᠨ ᠠᠪᠴᠢᠷᠠᠵᠤ᠂ ᠠᠮᠢᠰᠬᠤᠯ ᠤᠨ ᠵᠠᠮ ᠢ ᠦᠳᠦᠭᠡᠬᠦ ᠲᠤᠷᠰᠢᠯᠲᠠ ᠶᠢᠨ ᠪᠠᠭᠠᠵᠢ᠂ ᠠᠮᠢᠰᠬᠤᠬᠤ ᠭᠠᠷᠭᠠᠭᠰᠠᠨ ᠬᠡᠢ ᠶᠢᠨ ᠠᠽᠣᠲ ᠤᠨ ᠳᠠᠩ ᠢᠰᠦᠯ ᠤᠨ ᠪᠠᠶᠢᠴᠠᠭᠠᠨ ᠬᠡᠮᠵᠢᠬᠦ ᠪᠠᠭᠠᠵᠢ᠂ ᠪᠦᠷᠢᠨ ᠠᠦ᠋ᠲ᠋ᠣ᠋ ᠬᠢᠮᠢ ᠶᠢᠨ ᠴᠡᠭᠡᠨ ᠬᠡᠷᠡᠯ ᠤᠨ ᠦᠯᠦ ᠬᠠᠯᠳᠠᠭᠠᠬᠤ ᠵᠠᠳᠠᠯᠤᠯᠲᠠ ᠶᠢᠨ ᠪᠠᠭᠠᠵᠢ ᠵᠡᠷᠭᠡ ᠲᠡᠷᠢᠭᠦᠨ ᠤ ᠡᠮᠴᠢᠯᠡᠭᠡᠨ ᠤ ᠪᠠᠶᠢᠴᠠᠭᠠᠨ ᠬᠡᠮᠵᠢᠬᠦ ᠲᠥᠬᠦᠭᠡᠷᠦᠮᠵᠢ ᠶᠢ ᠲᠣᠬᠢᠷᠠᠭᠤᠯᠤᠨ᠎ᠠ᠃ ᠬᠥᠯᠥᠨ ᠪᠤᠶᠢᠷ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠪᠠ ᠬᠥᠯᠥᠨ ᠪᠤᠶᠢᠷ ᠬᠤᠲᠠ ᠶᠢᠨ ᠮᠣᠩᠭᠤᠯ ᠡᠮᠨᠡᠯᠭᠡ ᠶᠢᠨ ᠬᠤᠷᠢᠶ᠎ᠠ ᠳᠤ ᠲᠦᠰᠢᠭᠯᠡᠨ᠂ ᠬᠢᠲᠠᠳ ᠡᠮ ᠤᠨ ᠵᠣᠷ ᠪᠠ ᠮᠣᠩᠭᠤᠯ ᠡᠮ ᠤᠨ ᠲᠠᠯᠬ᠎ᠠ ᠡᠮ ᠢ ᠰᠤᠳᠤᠯᠤᠨ ᠨᠡᠭᠡᠭᠡᠬᠦ ᠶᠢ ᠠᠬᠢᠭᠤᠯᠵᠤ᠂ ᠬᠢᠲᠠᠳ ᠮᠣᠩᠭᠤᠯ ᠡᠮᠨᠡᠯᠭᠡ ᠶᠢᠨ ᠬᠤᠪᠢᠰᠤᠩᠭᠤᠢ ᠪᠠᠷ ᠡᠮ ᠬᠡᠷᠡᠭᠯᠡᠬᠦ ᠵᠢᠴᠢ ᠬᠤᠪᠢᠰᠤᠩᠭᠤᠢ ᠪᠠᠷ ᠪᠠᠯᠴᠢᠷ ᠰᠣᠩᠭᠤᠵᠤ ᠵᠡᠭᠦᠦ ᠬᠠᠳᠬᠤᠬᠤ᠂ ᠲᠦᠷᠬᠢᠬᠦ᠂ ᠤᠲᠤᠬᠤ᠂ ᠬᠠᠨᠠᠵᠤ ᠴᠢᠰᠤ ᠲᠠᠯᠪᠢᠬᠤ ᠵᠡᠷᠭᠡ ᠶᠢ ᠬᠡᠷᠡᠭᠯᠡᠨ᠂ ᠪᠡᠶ᠎ᠡ ᠮᠠᠬᠠᠪᠤᠳ ᠢ ᠵᠣᠬᠢᠴᠠᠭᠤᠯᠤᠨ᠂ ᠡᠭᠡᠯᠢᠯᠡᠭᠡ ᠶᠢᠨ ᠴᠢᠳᠠᠯ ᠢ ᠳᠡᠭᠡᠭᠰᠢᠯᠡᠭᠦᠯᠬᠦ ᠶᠢᠨ ᠬᠠᠮᠲᠤ᠂ ᠡᠸᠦ᠋ᠷᠦᠫᠡ ᠡᠮ ᠲᠠᠢ ᠬᠠᠮᠵᠢᠯᠴᠠᠨ ᠡᠪᠡᠳᠴᠢᠨ ᠤ ᠢᠯᠡᠷᠡᠯ ᠢ ᠲᠦᠷᠭᠡᠨ ᠨᠠᠮᠳᠠᠭᠤᠯᠵᠤ᠂ ᠳᠠᠬᠢᠨ ᠬᠥᠳᠡᠯᠬᠦ ᠶᠢ ᠪᠠᠭᠠᠰᠬᠠᠬᠤ ᠪᠠ ᠬᠦᠨᠳᠦ ᠨᠣᠴᠢᠲᠠᠢ ᠬᠥᠳᠡᠯᠬᠦ ᠶᠢ ᠪᠠᠭᠤᠷᠠᠭᠤᠯᠬᠤ ᠵᠣᠷᠢᠯᠭ᠎ᠠ ᠳᠤ ᠬᠦᠷᠴᠦ᠂ ᠬᠠᠷᠰᠢᠮᠠᠲᠠᠭᠠᠢ ᠬᠠᠮᠠᠷ ᠤᠨ ᠦᠷᠪᠢᠰᠦᠯ ᠢ ᠡᠮᠨᠡᠨ ᠵᠠᠰᠠᠬᠤ ᠳᠤ ᠪᠣᠬᠢᠷᠲᠤᠯ ᠦᠭᠡᠢ ᠪᠥᠭᠡᠳ ᠪᠦᠲᠦᠮᠵᠢᠲᠡᠶ ᠡᠮᠨᠡᠨ ᠵᠠᠰᠠᠬᠤ ᠲᠥᠰᠥᠯ ᠢ ᠬᠠᠩᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠯᠥᠨ ᠪᠤᠶᠢᠷ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠵᠢᠴᠢ ᠬᠠᠮᠢᠶ᠎ᠠ ᠪᠦᠬᠦᠢ ᠡᠮᠴᠢᠯᠡᠭᠡᠨ ᠤ ᠪᠠᠶᠢᠭᠤᠯᠤᠮᠵᠢ︶        ︵ᠳᠥᠷᠪᠡ︶ ᠡᠮᠴᠢᠯᠡᠭᠡᠨ ᠤ ᠮᠡᠷᠭᠡᠵᠢᠯ ᠤᠨ ᠬᠠᠮᠵᠢᠯᠴᠠᠭ᠎ᠠ ᠶᠢ ᠴᠢᠩᠭᠠᠳᠬᠠᠨ᠎ᠠ᠃ ᠪᠡᠭᠡᠵᠢᠩ ᠬᠤᠲᠠ᠂ ᠬᠥᠬᠡᠬᠤᠲᠠ᠂ ᠣᠷᠳᠣᠰ ᠬᠤᠲᠠ ᠵᠡᠷᠭᠡ ᠲᠡᠷᠢᠭᠦᠨ ᠤ ᠭᠠᠵᠠᠷ ᠣᠷᠣᠨ ᠤ ᠡᠮᠴᠢᠯᠡᠭᠡᠨ ᠤ ᠪᠠᠶᠢᠭᠤᠯᠤᠮᠵᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠮᠡᠷᠭᠡᠵᠢᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠲᠡᠷᠢᠭᠦᠨ ᠤ ᠣᠨᠣᠰᠢᠯᠠᠨ ᠡᠮᠨᠡᠬᠦ ᠮᠡᠷᠭᠡᠵᠢᠯ ᠢ ᠣᠷᠣᠭᠤᠯᠤᠨ ᠠᠪᠴᠢᠷᠠᠵᠤ᠂ ᠲᠤᠰᠬᠠᠢ ᠮᠡᠷᠭᠡᠵᠢᠯᠲᠡᠨ ᠢ ᠤᠷᠢᠵᠤ ᠮᠠᠨ ᠤ ᠬᠤᠲᠠ ᠳᠤ ᠰᠢᠨᠵᠢᠯᠡᠬᠦ ᠤᠬᠠᠭᠠᠨ ᠤ ᠰᠤᠳᠤᠯᠭᠠᠨ᠂ ᠪᠣᠯᠪᠠᠰᠤᠷᠠᠭᠤᠯᠤᠯ᠂ ᠤᠬᠠᠭᠤᠯᠭ᠎ᠠ ᠬᠥᠮᠦᠵᠢᠯ ᠵᠡᠷᠭᠡ ᠠᠵᠢᠯ ᠢ ᠥᠷᠨᠢᠭᠦᠯᠦᠨ᠂ ᠮᠠᠨ ᠤ ᠬᠤᠲᠠ ᠶᠢᠨ ᠬᠤᠪᠢᠷᠠᠮᠠᠯ ᠤᠷᠪᠠᠯ ᠤᠨ ᠲᠤᠰᠬᠠᠢ ᠡᠮᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠬᠠᠷᠰᠢᠮᠠᠲᠠᠭᠠᠢ ᠬᠠᠮᠠᠷ ᠤᠨ ᠦᠷᠪᠢᠰᠦᠯ ᠤᠨ ᠡᠮᠴᠢᠯᠡᠭᠡᠨ ᠤ ᠣᠨᠣᠰᠢᠯᠠᠨ ᠡᠮᠨᠡᠬᠦ ᠶᠢ ᠵᠢᠷᠤᠮᠵᠢᠭᠤᠯᠤᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠳᠡᠭᠡᠳᠦ ᠲᠠᠰ ᠳᠠᠪᠬᠤᠷᠭ᠎ᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠣᠷᠣᠭᠤᠯᠤᠨ ᠠᠪᠴᠢᠷᠠᠬᠤ ᠶᠢ ᠳᠡᠮᠵᠢᠵᠦ᠂ ᠢᠳᠡᠷ ᠵᠠᠯᠠᠭᠤ ᠨᠠᠰᠤᠨ ᠤ ᠭᠤᠣᠯᠯᠠᠭᠴᠢ ᠴᠢᠳᠠᠪᠤᠷᠢᠲᠠᠨ ᠢ ᠰᠣᠩᠭᠤᠨ ᠲᠣᠮᠢᠯᠠᠵᠤ ᠨᠡᠷᠡᠲᠦ ᠡᠮᠴᠢᠯᠡᠭᠡᠨ ᠤ ᠪᠠᠶᠢᠭᠤᠯᠤᠮᠵᠢ ᠳᠤ ᠣᠴᠢᠭᠤᠯᠤᠨ ᠳᠠᠪᠲᠠᠨ ᠪᠣᠯᠪᠠᠰᠤᠷᠠᠭᠤᠯᠵᠤ ᠰᠤᠷᠤᠯᠴᠠᠭᠤᠯᠤᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠥᠬᠦ ᠬᠤᠲᠠ ᠶᠢᠨ ᠬᠠᠷᠰᠢᠮᠠᠲᠠᠭᠠᠢ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠲᠤᠰᠬᠠᠢ ᠰᠠᠯᠠᠭᠠᠨ ᠤ ᠬᠤᠯᠪᠣᠭ᠎ᠠ ᠶᠢ ᠪᠠᠶᠢᠭᠤᠯᠵᠤ᠂ ᠮᠠᠨ ᠤ ᠬᠤᠲᠠ ᠶᠢᠨ ᠬᠠᠷᠰᠢᠮᠠᠲᠠᠭᠠᠢ  ᠬᠠᠮᠠᠷ ᠤᠨ ᠦᠷᠪᠢᠰᠦᠯ ᠣᠯᠠᠨ ᠡᠭᠦᠰᠳᠡᠭ ᠭᠠᠵᠠᠷ ᠣᠷᠣᠨ ᠢ ᠪᠦᠬᠦᠨ ᠢ ᠬᠠᠮᠤᠷᠤᠨ ᠣᠷᠤᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠳᠣᠲᠣᠷ ᠰᠠᠯᠠᠭ᠎ᠠ᠂ ᠴᠢᠬᠢ ᠬᠠᠮᠠᠷ ᠬᠤᠭᠤᠯᠠᠢ ᠶᠢᠨ ᠰᠠᠯᠠᠭ᠎ᠠ ᠳᠤ ᠲᠦᠰᠢᠭᠯᠡᠨ ᠬᠠᠷᠰᠢᠮᠠᠲᠠᠭᠠᠢ ᠬᠠᠮᠠᠷ ᠤᠨ ᠦᠷᠪᠢᠰᠦᠯ ᠤᠨ ᠲᠤᠰᠬᠠᠢ ᠰᠠᠯᠠᠭᠠᠨ ᠤ ᠡᠭᠦᠳᠡᠨ ᠡᠮᠨᠡᠯᠭᠡ ᠲᠣᠬᠢᠷᠠᠭᠤᠯᠬᠤ ᠶᠢ ᠳᠡᠮᠵᠢᠵᠦ᠂ ᠵᠢᠷᠤᠮᠵᠢᠭᠰᠠᠨ ᠣᠨᠣᠰᠢᠯᠠᠨ ᠡᠮᠨᠡᠬᠦ ᠶᠠᠪᠤᠴᠠ ᠪᠠ ᠲᠡᠷᠢᠭᠦᠨ ᠤ ᠣᠨᠣᠰᠢᠯᠠᠨ ᠡᠮᠨᠡᠬᠦ ᠮᠡᠷᠭᠡᠵᠢᠯ ᠢ ᠦᠨᠳᠦᠰᠦᠨ ᠱᠠᠲᠤᠨ ᠤ ᠡᠮᠴᠢᠯᠡᠭᠡᠨ ᠤ ᠨᠢᠭᠡᠴᠢ ᠳᠤ ᠳᠡᠯᠭᠡᠷᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠠᠮᠢᠶ᠎ᠠ ᠪᠦᠬᠦᠢ ᠡᠮᠴᠢᠯᠡᠭᠡᠨ ᠤ ᠪᠠᠶᠢᠭᠤᠯᠤᠮᠵᠢ︶        ︵ᠲᠠᠪᠤ︶ ᠬᠠᠷᠰᠢᠮᠠᠲᠠᠭᠠᠢ ᠬᠠᠮᠠᠷ ᠤᠨ ᠦᠷᠪᠢᠰᠦᠯ ᠢ ᠶᠡᠷᠦᠩᠬᠡᠶᠢᠯᠡᠨ ᠬᠠᠮᠢᠶᠠᠷᠬᠤ ᠠᠷᠭ᠎ᠠ ᠬᠡᠮᠵᠢᠶ᠎ᠡ ᠠᠪᠤᠨ᠎ᠠ᠃ ᠬᠠᠰᠢᠭᠤᠯᠤᠭᠴᠢ ᠶᠢ ᠬᠢᠨᠠᠨ ᠬᠡᠮᠵᠢᠵᠦ ᠵᠠᠳᠠᠯᠤᠯᠲᠠ ᠬᠢᠬᠦ ᠪᠠ ᠡᠮᠴᠢᠯᠡᠭᠡᠨ ᠤ ᠰᠤᠳᠤᠯᠭᠠᠨ ᠤ ᠪᠠᠶᠢᠳᠠᠯ ᠢ ᠦᠨᠳᠦᠰᠦᠯᠡᠨ᠂ ᠬᠠᠷᠰᠢᠮᠠᠲᠠᠭᠠᠢ ᠬᠠᠮᠠᠷ ᠤᠨ ᠦᠷᠪᠢᠰᠦᠯ ᠣᠯᠠᠨ ᠡᠭᠦᠰᠬᠦ ᠤᠯᠠᠷᠢᠯ ᠳᠤ ᠣᠷᠣᠭᠰᠠᠨ ᠬᠤᠭᠤᠴᠠᠭᠠᠨ ᠳᠤ᠂ ᠡᠮ ᠢᠶᠠᠷ ᠤᠷᠢᠳᠴᠢᠯᠠᠨ ᠰᠡᠷᠭᠡᠶᠢᠯᠡᠬᠦ᠂ ᠡᠭᠡᠯᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠪᠦᠲᠦᠮᠵᠢᠲᠡᠶ ᠰᠡᠷᠭᠡᠶᠢᠯᠡᠨ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠵᠡᠷᠭᠡ ᠬᠠᠮᠢᠶᠠᠷᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠳᠡᠯᠭᠡᠷᠡᠭᠦᠯᠵᠦ᠂ ᠭᠤᠣᠯᠳᠠᠯᠭ᠎ᠠ ᠲᠠᠢ ᠬᠥᠮᠥᠰ ᠲᠤ ᠡᠷᠲᠡ ᠠᠴᠠ ᠤᠷᠢᠳᠴᠢᠯᠠᠨ ᠰᠡᠷᠡᠮᠵᠢᠯᠡᠭᠦᠯᠬᠦ᠂ ᠡᠷᠲᠡ ᠠᠴᠠ ᠭᠠᠷ ᠲᠦᠷᠦᠭᠦ᠂ ᠡᠷᠲᠡ ᠠᠴᠠ ᠡᠮᠨᠡᠨ ᠵᠠᠰᠠᠬᠤ ᠶᠢ ᠪᠡᠶᠡᠯᠡᠭᠦᠯᠵᠦ᠂ ᠬᠠᠷᠰᠢᠮᠠᠲᠠᠭᠠᠢ ᠬᠠᠮᠠᠷ ᠤᠨ ᠦᠷᠪᠢᠰᠦᠯ ᠲᠠᠢ ᠡᠪᠡᠳᠴᠢᠲᠡᠨ ᠤ ᠵᠣᠪᠠᠭᠤᠷᠢ ᠶᠢ ᠠᠯᠢ ᠴᠢᠳᠠᠬᠤ ᠪᠠᠷ ᠰᠡᠷᠭᠡᠶᠢᠯᠡᠬᠦ ᠪᠤᠶᠤ ᠬᠥᠩᠭᠡᠷᠡᠭᠦᠯᠦᠨ᠎ᠡ᠃ ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠪᠠ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠠᠬᠢᠭᠤᠯᠵᠤ᠂ ᠡᠯ᠎ᠡ ᠲᠥᠷᠥᠯ ᠤᠨ ᠤᠬᠠᠭᠤᠯᠭ᠎ᠠ ᠶᠢᠨ ᠵᠠᠭᠤᠴᠢᠯᠠᠭᠤᠷ ᠢᠶᠠᠷ ᠳᠠᠮᠵᠢᠭᠤᠯᠤᠨ᠂ ᠰᠡᠷᠭᠡᠶᠢᠯᠡᠨ ᠵᠠᠰᠠᠬᠤ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠢ ᠥᠷᠨᠢᠭᠦᠯᠵᠦ᠂ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠡᠪᠡᠳᠴᠢᠲᠡᠨ ᠢ ᠬᠥᠲᠥᠯᠥᠨ ᠵᠢᠯᠤᠭᠤᠳᠴᠤ ᠪᠠᠶᠢᠭᠠᠳ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠲᠠᠢ ᠪᠣᠯᠭᠠᠨ᠎ᠠ᠃ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠠᠷᠰᠢᠭᠤᠯᠤᠭᠴᠢ ᠶᠢᠨ ᠥᠳᠬᠡᠴᠡ ᠶᠢ ᠪᠠᠭᠤᠷᠠᠭᠤᠯᠤᠨ᠂ ᠬᠠᠷᠰᠢᠮᠠᠲᠠᠭᠠᠢ ᠬᠠᠮᠠᠷ ᠤᠨ ᠦᠷᠪᠢᠰᠦᠯ ᠤᠨ ᠤᠯᠠᠷᠢᠯ ᠤᠨ ᠴᠢᠨᠠᠷᠲᠠᠢ ᠶᠡᠭᠡ ᠳᠡᠯᠭᠡᠷᠡᠬᠦ ᠪᠠᠶᠢᠳᠠᠯ ᠢ ᠪᠦᠲᠦᠮᠵᠢᠲᠡᠶ ᠨᠠᠮᠳᠠᠭᠤᠯᠵᠤ᠂ ᠮᠠᠨ ᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠪᠡᠶ᠎ᠡ ᠮᠠᠬᠠᠪᠤᠳ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃ ᠲᠤᠰᠬᠠᠢ ᠮᠡᠷᠭᠡᠵᠢᠯᠲᠡᠳ ᠢ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠭᠠᠷ ᠲᠦᠷᠦᠭᠦ ᠠᠷᠭ᠎ᠠ ᠬᠡᠮᠵᠢᠶ᠎ᠡ ᠶᠢᠨ ᠦᠷ᠎ᠡ ᠪᠦᠲᠦᠮᠵᠢ ᠶᠢ ᠦᠨᠡᠯᠡᠨ ᠵᠢᠱᠢᠭᠦᠯᠵᠦ᠂ ᠪᠦᠲᠦᠮᠵᠢᠲᠡᠶ ᠰᠡᠷᠭᠡᠶᠢᠯᠡᠨ ᠡᠵᠡᠮᠳᠡᠵᠦ ᠭᠠᠷ ᠲᠦᠷᠦᠭᠦ ᠠᠷᠭ᠎ᠠ ᠬᠡᠮᠵᠢᠶ᠎ᠡ ᠶᠢ ᠳᠡᠯᠭᠡᠷᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶        ᠳᠥᠷᠪᠡ᠂ ᠠᠵᠢᠯ ᠤᠨ ᠱᠠᠭᠠᠷᠳᠠᠯᠭ᠎ᠠ        ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠲᠠ᠂ ᠬᠤᠰᠢᠭᠤ ︵ᠬᠤᠲᠠ᠂ ᠲᠣᠭᠤᠷᠢᠭ︶ ᠬᠤᠶᠠᠷ ᠱᠠᠲᠤᠨ ᠤ ᠵᠠᠰᠠᠭ ᠤᠨ ᠣᠷᠳᠣᠨ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ ᠡᠷᠡᠭᠦᠯ ᠬᠠᠮᠠᠭᠠᠯᠠᠯ᠂ ᠡᠳ᠋ ᠤᠨ ᠵᠠᠰᠠᠭ᠂ ᠣᠶ ᠰᠢᠭᠤᠢ  ᠨᠤᠲᠤᠭ ᠪᠡᠯᠴᠢᠭᠡᠷ᠂ ᠰᠢᠨᠵᠢᠯᠡᠬᠦ ᠤᠬᠠᠭᠠᠨ ᠮᠡᠷᠭᠡᠵᠢᠯ᠂ ᠴᠠᠭ ᠠᠭᠤᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠣᠯᠠᠨ ᠰᠠᠯᠠᠭ᠎ᠠ ᠮᠥᠴᠢᠷ ᠤᠨ ᠣᠷᠣᠯᠴᠠᠭᠰᠠᠨ ᠪᠥᠬᠦ ᠬᠤᠲᠠ ᠶᠢᠨ ᠬᠠᠷᠰᠢᠮᠠᠲᠠᠭᠠᠢ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠬᠠᠷᠰᠢᠮᠠᠲᠠᠭᠠᠢ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠠᠵᠢᠯ ᠢ ᠡᠷᠡᠭᠦᠯ ᠡᠩᠬᠡ ᠬᠥᠯᠥᠨ ᠪᠤᠶᠢᠷ ᠤᠨ ᠪᠦᠲᠦᠭᠡᠨ ᠪᠠᠶᠢᠭᠤᠯᠤᠯᠲᠠ ᠪᠠ ᠠᠷᠠᠳ ᠲᠤ ᠪᠣᠳᠠᠲᠠᠢ ᠠᠵᠢᠯ ᠬᠢᠵᠦ ᠥᠭᠬᠦ ᠴᠢᠬᠤᠯᠠ ᠠᠭᠤᠯᠭ᠎ᠠ ᠪᠣᠯᠭᠠᠨ ᠬᠢᠨᠠᠨ ᠰᠢᠯᠭᠠᠬᠤ ᠲᠤᠭᠲᠠᠯᠴᠠᠭ᠎ᠠ ᠳᠤ ᠣᠷᠣᠭᠤᠯᠵᠤ᠂ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠶᠢ ᠠᠬᠢᠭᠤᠯᠤᠨ᠎ᠠ᠃        ︵ᠬᠤᠶᠠᠷ︶ ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠦᠨ᠎ᠡ᠃ ᠬᠠᠷᠰᠢᠮᠠᠲᠠᠭᠠᠢ  ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠬᠡᠷᠡᠭᠴᠡᠭᠡ ᠶᠢ ᠦᠨᠳᠦᠰᠦᠯᠡᠨ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠣᠰᠣᠭᠠᠷ᠂ ᠬᠠᠷᠰᠢᠮᠠᠲᠠᠭᠠᠢ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠡᠭᠡᠨ ᠣᠷᠣᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠬᠢᠨᠠᠨ ᠬᠡᠮᠵᠢᠬᠦ᠂ ᠣᠨᠣᠰᠢᠯᠠᠬᠤ᠂ ᠡᠮᠨᠡᠨ ᠵᠠᠰᠠᠬᠤ ᠲᠥᠬᠦᠭᠡᠷᠦᠮᠵᠢ ᠲᠣᠬᠢᠷᠠᠭᠤᠯᠬᠤ ᠳᠤ ᠬᠡᠷᠡᠭᠰᠡᠬᠦ ᠪᠡᠯᠡ ᠮᠥᠩᠭᠦ ᠶᠢ ᠣᠯᠠᠨ ᠠᠷᠭ᠎ᠠ ᠵᠠᠮ ᠢᠶᠠᠷ ᠰᠢᠢᠳᠪᠦᠷᠢᠯᠡᠵᠦ᠂ ᠨᠡᠶᠢᠭᠡᠮ ᠤᠨ ᠬᠥᠷᠥᠩᠭᠡ ᠶᠢᠨ ᠬᠠᠷᠰᠢᠮᠠᠲᠠᠭᠠᠢ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠠᠵᠢᠯ ᠳᠤ ᠪᠡᠯᠡ ᠣᠷᠣᠭᠤᠯᠬᠤ ᠶᠢ ᠳᠡᠮᠵᠢᠬᠦ ᠶᠢᠨ ᠬᠠᠮᠲᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃        ︵ᠭᠤᠷᠪᠠ︶ ᠤᠬᠠᠭᠤᠯᠭ᠎ᠠ ᠶᠢ ᠥᠷᠭᠡᠨ ᠢᠶᠠᠷ ᠦᠷᠨᠢᠬᠦᠯᠦᠨ᠎ᠡ᠃ ᠡᠯ᠎ᠡ ᠬᠤᠰᠢᠭᠤ ᠬᠤᠲᠠ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠨ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠪᠠᠷ ᠬᠠᠷᠰᠢᠮᠠᠲᠠᠭᠠᠢ ᠬᠠᠮᠠᠷ ᠤᠨ ᠦᠷᠪᠢᠰᠦᠯ ᠢ ᠰᠡᠷᠭᠡᠶᠢᠯᠡᠨ ᠬᠠᠮᠠᠭᠠᠯᠠᠬᠤ ᠮᠡᠳᠡᠯᠭᠡ ᠶᠢᠨ ᠤᠬᠠᠭᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠥᠷᠭᠡᠨ ᠣᠯᠠᠨ ᠡᠪᠡᠳᠴᠢᠲᠡᠨ ᠳᠤ ᠬᠠᠷᠰᠢᠮᠠᠲᠠᠭᠠᠢ ᠬᠠᠮᠠᠷ ᠤᠨ ᠦᠷᠪᠢᠰᠦᠯ ᠤᠨ ᠡᠭᠦᠰᠬᠦ ᠰᠢᠯᠲᠠᠭᠠᠨ ᠢ ᠵᠥᠪ ᠣᠨᠣᠪᠴᠢᠲᠠᠶ ᠲᠠᠨᠢᠭᠤᠯᠵᠤ᠂ ᠬᠠᠮᠢᠶ᠎ᠠ ᠪᠦᠬᠦᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠤᠶᠢᠯᠠᠭᠠᠭᠤᠯᠤᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ