ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠠᠯᠪᠠᠯᠠᠬᠤ ᠰᠢᠰᠲ᠋ᠧᠮ ᠤᠨ ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠰᠭᠡᠬᠦ︾ ᠪᠣᠯᠪᠠᠰᠤᠷᠠᠭᠤᠯᠤᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/6/19
       ︽ᠦᠵᠡᠯᠲᠡ ᠪᠠᠨ ᠬᠤᠪᠢᠷᠠᠭᠤᠯᠬᠤ᠂ ᠰᠤᠷᠲᠠᠯ ᠢᠶᠠᠨ ᠴᠢᠩᠭᠠᠳᠬᠠᠬᠤ᠂ ᠤᠷᠴᠢᠨ ᠨᠦᠬᠦᠴᠡᠯ ᠢ ᠰᠢᠯᠢᠳᠡᠭᠵᠢᠭᠦᠯᠬᠦ᠂ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠬᠤ᠂ ᠳᠦᠷᠢ ᠳᠦᠷᠬᠦ ᠶᠢ ᠱᠤᠭᠤᠬᠤ︾ ᠰᠤᠷᠤᠯᠴᠠᠯᠭ᠎ᠠ ᠦᠢᠯᠡᠳᠦᠯᠭᠡ ᠶᠢᠨ ᠠᠵᠢᠯᠯᠠᠭᠠᠨ ᠤ ᠦᠷ᠎ᠡ ᠪᠦᠳᠦᠮᠵᠢ ᠶᠢ ᠪᠠᠲᠤᠳᠬᠠᠨ ᠳᠡᠭᠡᠭᠰᠢᠯᠡᠭᠦᠯᠵᠦ᠂ ︽ᠭᠤᠷᠪᠠᠨ ᠤᠯᠠᠨ᠂ ᠭᠤᠷᠪᠠᠨ ᠴᠦᠬᠡᠨ᠂ ᠭᠤᠷᠪᠠᠨ ᠤᠳᠠᠭᠠᠨ︾ ᠤ ᠠᠰᠠᠭᠤᠳᠠᠯ ᠢ ᠠᠯᠬᠤᠮ ᠴᠢᠨᠠᠭᠰᠢᠲᠠ ᠰᠢᠢᠳᠪᠦᠷᠢᠯᠡᠬᠦ ᠶᠢᠨ ᠲᠤᠰᠠᠳᠠ᠂ ᠤᠷᠴᠢᠮ ᠤᠨ ᠡᠳᠦᠷ᠂ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠠᠴᠠ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠠᠯᠪᠠᠯᠠᠬᠤ ᠰᠢᠰᠲ᠋ᠧᠮ ᠤᠨ ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠰᠭᠡᠬᠦ︾ ᠪᠣᠯᠪᠠᠰᠤᠷᠠᠭᠤᠯᠤᠯ ᠤᠨ ᠠᠩᠭᠢ ᠡᠷᠬᠢᠯᠡᠪᠡ᠃       ᠲᠤᠰ ᠤᠳᠠᠭᠠᠨ ᠤ ᠪᠣᠯᠪᠠᠰᠤᠷᠠᠯ ᠳᠤ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠬᠠᠮᠢᠶ᠎ᠠ ᠪᠦᠬᠦᠢ ᠰᠠᠯᠠᠭᠠᠨ ᠤ ᠬᠠᠷᠢᠴᠠᠭᠤᠯᠭᠠᠲᠠᠨ ᠢ ᠤᠷᠢᠵᠤ ᠬᠢᠴᠢᠶᠡᠯᠯᠡᠭᠦᠯᠬᠦ ᠶᠢᠨ ᠬᠠᠮᠲᠤ᠂ ᠲᠤᠬᠠᠢ ᠶᠢᠨ ᠲᠠᠯᠠᠪᠠᠢ ᠳᠤᠨᠢ ᠰᠠᠭᠤᠳᠠᠯ ᠤᠨ ᠬᠤᠷᠠᠯ ᠬᠢᠬᠦ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ᠂ ᠸᠢᠳᠢᠤ᠋ ᠵᠠᠯᠭᠠᠰᠤ ᠪᠠᠷ ᠬᠤᠯᠪᠣᠬᠤ ᠵᠡᠷᠭᠡ ᠠᠷᠭ᠎ᠠ ᠮᠠᠶ᠋ᠢᠭ ᠢ ᠠᠪᠴᠤ᠂ ᠪᠢᠴᠢᠭ ᠮᠠᠲ᠋ᠧᠷᠢᠶᠠᠯ ᠰᠢᠢᠳᠪᠦᠷᠢᠯᠡᠬᠦ᠂ ᠬᠤᠷᠠᠯ ᠡᠷᠬᠢᠯᠡᠬᠦ᠂ ᠰᠢᠮᠳᠠᠭᠤᠯᠤᠨ ᠪᠠᠶᠢᠴᠠᠭᠠᠬᠤ᠂ ᠮᠡᠳᠡᠭᠡ ᠵᠠᠩᠭᠢ᠂ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ᠂ ᠵᠠᠰᠠᠭ ᠤᠨ ᠶᠠᠪᠤᠳᠠᠯ ᠤᠨ ᠵᠢᠵᠢᠭᠦᠷ᠂ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶᠡᠨ ᠤ ᠪᠠᠶᠢᠭᠤᠯᠤᠯᠲᠠ ᠵᠡᠷᠭᠡ ᠠᠵᠢᠯ ᠳᠤ ᠴᠢᠭᠯᠡᠭᠦᠯᠦᠨ ᠰᠤᠷᠤᠯᠴᠠᠯᠭ᠎ᠠ ᠰᠣᠯᠢᠯᠴᠠᠭ᠎ᠠ ᠬᠢᠵᠡᠢ᠃       ᠡᠭᠦᠨ ᠳᠤ᠂ ᠪᠦᠬᠦ ᠣᠷᠣᠨ ᠤ ᠵᠠᠰᠠᠭ ᠤᠨ ᠣᠷᠳᠤᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶᠡᠨ ᠴᠤᠭᠯᠠᠷᠠᠯ ᠤᠨ ᠮᠡᠷᠭᠡᠵᠢᠯ ᠤᠨ ᠶᠡᠷᠦᠩᠬᠡᠶ ᠵᠥᠪᠯᠡᠭᠴᠢ ᠰᠡᠴᠡᠨᠲᠤᠯᠭᠠᠭᠤᠷᠢ ᠠᠴᠠ᠂ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶᠡᠨ ᠤ ᠠᠮᠤᠷ ᠲᠦᠪᠰᠢᠨ᠂ ᠲᠦᠷᠢᠮ ᠤᠨ ᠪᠠᠶᠢᠭᠤᠯᠤᠯᠲᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ᠂ ᠰᠦᠯᠵᠢᠶᠡᠨ ᠤ ᠬᠠᠮᠢᠶᠠᠷᠤᠯᠲᠠ ᠪᠠ ᠬᠠᠮᠠᠭᠠᠯᠠᠯᠲᠠ᠂ ᠠᠭᠤᠯᠭ᠎ᠠ ᠨᠡᠶᠢᠲᠡᠯᠡᠬᠦ ᠳᠤ ᠪᠠᠶᠢᠩᠭᠤ ᠲᠣᠬᠢᠶᠠᠯᠳᠤᠬᠤ ᠠᠰᠠᠭᠤᠳᠠᠯ ᠢ ᠰᠢᠢᠳᠪᠦᠷᠢᠯᠡᠬᠦ᠂ ᠥᠪᠡᠰᠦᠪᠡᠨ ᠪᠠᠶᠢᠴᠠᠭᠠᠨ ᠡᠵᠡᠮᠳᠡᠬᠦ ᠵᠡᠷᠭᠡ ᠠᠵᠢᠯ ᠤᠨ ᠲᠠᠯ᠎ᠠ ᠪᠠᠷ ᠨᠠᠷᠢᠨ ᠲᠠᠶᠢᠯᠤᠮᠵᠢ ᠬᠢᠭᠰᠡᠨ ᠪᠥᠭᠡᠳ ᠤᠯᠤᠰ ᠲᠥᠷᠥ ᠶᠢᠨ ᠵᠣᠭᠰᠣᠴᠠ ᠪᠠᠨ ᠦᠷᠬᠦᠯᠵᠢᠯᠡᠨ ᠳᠡᠭᠡᠭᠰᠢᠯᠡᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠣᠭᠴᠠᠯᠠᠬᠤ ᠢ ᠪᠦᠬᠦ ᠬᠦᠴᠦᠨ ᠢᠶᠠᠷ ᠢᠶᠠᠨ ᠰᠠᠶᠢᠲᠤᠷ ᠤᠬᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃       ᠡᠯ᠎ᠡ ᠬᠤᠰᠢᠭᠤ ᠬᠤᠲᠠ ᠲᠣᠭᠤᠷᠢᠭ ᠤᠨ ᠰᠦᠯᠵᠢᠶᠡᠨ ᠤ ᠠᠵᠢᠯᠲᠠᠳ ᠲᠤᠰ ᠤᠳᠠᠭᠠᠨ ᠤ ᠪᠣᠯᠪᠠᠰᠤᠷᠠᠭᠤᠯᠤᠯ ᠳᠤ ᠣᠷᠤᠯᠴᠠᠵᠤ᠂ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶᠡᠨ ᠤ ᠴᠢᠬᠤᠯᠠ ᠴᠢᠨᠠᠷ ᠢ ᠠᠯᠬᠤᠮ ᠴᠢᠨᠠᠭᠰᠢᠳᠠ ᠲᠠᠨᠢᠵᠤ᠂ ᠳᠤᠲᠠᠭᠳᠠᠯ ᠲᠠᠢ ᠲᠠᠯ᠎ᠠ᠂ ᠪᠠᠭᠤᠷᠠᠢ ᠵᠦᠢᠯᠡᠰ ᠢᠶᠠᠨ ᠲᠦᠷᠭᠡᠬᠡᠨ ᠨᠦᠬᠦᠪᠦᠷᠢᠯᠡᠵᠦ᠂ ᠬᠠᠷᠠᠴᠠ ᠪᠠᠨ ᠦᠷᠭᠡᠳᠬᠡᠨ᠂ ᠤᠬᠠᠭᠤᠯᠭ᠎ᠠ ᠶᠢᠨ ᠶᠠᠰᠤ ᠴᠢᠨᠠᠷ ᠪᠠ ᠰᠦᠯᠵᠢᠶᠡᠨ ᠤ ᠠᠵᠢᠯ ᠤᠨ ᠶᠡᠷᠦᠩᠬᠡᠢ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠪᠠᠷ ᠴᠢᠷᠮᠠᠶᠢᠨ᠎ᠠ ᠭᠡᠵᠦ ᠢᠯᠡᠳᠭᠡᠵᠡᠭᠡᠵᠡᠢ᠃
20240619-1-2.jpg
20240619-1-1.jpg
20240619-1-3.jpg
 
20240619-1-4.jpg
 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ