ᠭᠤᠤ ᠷᠦᠨ ᠰᠢ ᠨᠠᠭᠤᠷ ᠢ ᠲᠣᠭᠤᠷᠢᠨ ᠪᠠᠶᠢᠴᠠᠭᠠᠬᠤ ᠠᠵᠢᠯ ᠦᠷᠨᠢᠭᠦᠯᠵᠦ ᠬᠦᠯᠦᠨ ᠨᠠᠭᠤᠷ ᠵᠢᠴᠢ ᠲᠡᠭᠦᠨ ᠤ ᠡᠷᠭᠢᠨ ᠲᠣᠭᠤᠷᠢᠨ ᠤ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠪᠠ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2024/6/21
       6 ᠰᠠᠷ᠎ᠠ ᠶᠢᠨ 4 ᠤ ᠡᠳᠦᠷ᠂ ᠬᠦᠯᠦᠨ ᠪᠦᠢᠷ ᠬᠤᠲᠠ ᠶᠢᠨ ᠨᠠᠮ ᠤᠨ ᠬᠤᠷᠢᠶ᠎ᠠ ᠶᠢᠨ ᠱᠦᠵᠢ᠂ ᠬᠤᠲᠠ ᠶᠢᠨ ᠭᠤᠣᠯ ᠨᠠᠭᠤᠷ ᠤᠨ ᠨᠢᠭᠡᠳᠦᠭᠡᠷ ᠶᠡᠷᠦᠩᠬᠡᠢ ᠳᠠᠷᠤᠭ᠎ᠠ ᠭᠤᠤ ᠷᠦᠨ ᠰᠢ ᠨᠠᠭᠤᠷ ᠢ ᠲᠣᠭᠤᠷᠢᠨ ᠪᠠᠶᠢᠴᠠᠭᠠᠬᠤ ᠠᠵᠢᠯ ᠦᠷᠨᠢᠭᠦᠯᠵᠦ᠂ ᠬᠦᠯᠦᠨ ᠨᠠᠭᠤᠷ ᠵᠢᠴᠢ ᠲᠡᠭᠦᠨ ᠤ ᠡᠷᠭᠢᠨ ᠲᠣᠭᠤᠷᠢᠨ ᠤ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠪᠠ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠪᠠᠶᠢᠭ᠎ᠠ ᠪᠠᠶᠢᠳᠠᠯ ᠳᠤ ᠪᠠᠶᠢᠴᠠᠭᠠᠨ ᠰᠣᠳᠤᠯᠤᠯᠲᠠ ᠬᠢᠪᠡ᠃       ᠬᠦᠯᠦᠨ ᠨᠠᠭᠤᠷ ᠪᠣᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠷᠢᠯᠳᠦᠬᠦᠨ ᠬᠡᠰᠡᠭ ᠪᠣᠯᠬᠤ ᠪᠦᠭᠡᠳ ᠨᠡᠩ ᠴᠦ ᠬᠦᠯᠦᠨ ᠪᠦᠢᠷ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠵᠠᠩᠭᠢᠯᠭ᠎ᠠ ᠶᠢᠨ ᠭᠤᠣᠯᠳᠠᠯᠭ᠎ᠠ ᠪᠣᠯᠤᠨ᠎ᠠ᠃ ᠭᠤᠤ ᠷᠦᠨ ᠰᠢ ᠤᠷᠢᠳ ᠬᠤᠵᠢᠳ ᠤᠯᠠᠭᠠᠨᠨᠠᠭᠤᠷ ᠤᠨ ᠨᠤᠭᠤ ᠭᠠᠵᠠᠷ᠂ ᠦᠵᠦᠭᠦᠷ ᠬᠠᠮᠢᠶᠠᠷᠤᠯᠲᠠ ᠬᠠᠮᠠᠭᠠᠯᠠᠯᠲᠠ ᠶᠢᠨ ᠦᠷᠲᠡᠭᠡ᠂ ᠰᠢᠨ᠎ᠡ ᠪᠠᠷᠭᠤ ᠪᠠᠷᠠᠭᠤᠨ ᠬᠤᠰᠢᠭᠤᠨ ᠤ ᠳᠠᠯᠠᠢ ᠰᠤᠮᠤ ᠵᠡᠷᠭᠡ ᠭᠠᠵᠠᠷ ᠲᠤ ᠬᠦᠷᠴᠦ᠂ ᠤᠰᠤᠨ ᠤ ᠪᠠᠶᠢᠳᠠᠯ ᠪᠠ ᠣᠶᠢᠷ᠎ᠠ ᠬᠠᠪᠢ ᠶᠢᠨ ᠠᠮᠢ ᠠᠬᠤᠢ ᠣᠷᠴᠢᠨ ᠲᠣᠭᠤᠷᠢᠨ ᠢ ᠲᠣᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠮᠢ ᠠᠬᠤᠢ ᠣᠷᠴᠢᠨ ᠲᠣᠭᠤᠷᠢᠨ ᠢ ᠵᠠᠰᠠᠬᠤ᠂ ᠬᠠᠮᠢᠶᠠᠷᠤᠨ ᠬᠠᠮᠠᠭᠠᠯᠠᠬᠤ ᠴᠢᠳᠠᠪᠤᠷᠢ ᠶᠢᠨ ᠪᠠᠶᠢᠭᠤᠯᠤᠯᠲᠠ᠂ ᠰᠢᠨᠵᠢᠯᠡᠬᠦ ᠤᠬᠠᠭᠠᠨ ᠤ ᠰᠣᠳᠤᠯᠭᠠᠨ ᠤ ᠬᠢᠨᠠᠨ ᠬᠡᠮᠵᠢᠯᠲᠡ ᠶᠢᠨ ᠰᠡᠷᠡᠮᠵᠢᠯᠡᠭᠦᠯᠦᠯ᠂ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠰᠡᠷᠭᠦᠭᠡᠯᠲᠡ ᠬᠢᠭᠡᠳ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠳᠡᠭᠡᠭᠰᠢᠯᠡᠯᠲᠡ ᠵᠡᠷᠭᠡ ᠲᠠᠯ᠎ᠠ ᠶᠢᠨ ᠢᠨᠵᠧᠨᠧᠷᠢᠩ ᠤᠨ ᠲᠦᠷᠦᠯ ᠵᠦᠢᠯ᠂ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠬᠢᠭᠡᠳ ᠵᠠᠰᠠᠯᠲᠠ ᠶᠢᠨ ᠦᠷ᠎ᠡ ᠪᠦᠲᠦᠮᠵᠢ ᠶᠢ ᠨᠠᠷᠢᠯᠢᠭ ᠣᠶᠢᠯᠠᠭᠠᠪᠠ᠃       ᠭᠤᠤ ᠷᠦᠨ ᠰᠢ᠂ ᠶᠡᠷᠦᠩᠬᠡᠢ ᠱᠦᠵᠢ ᠰᠢ ᠶᠢᠨ ᠫᠢᠩ ᠬᠦᠯᠦᠨ ᠨᠠᠭᠤᠷ ᠤᠨ ᠠᠮᠢ ᠠᠬᠤᠢ ᠣᠷᠴᠢᠨ ᠲᠣᠭᠤᠷᠢᠨ ᠢ ᠬᠠᠯᠠᠮᠵᠢᠯᠠᠭᠰᠠᠭᠠᠷ ᠢᠷᠡᠭᠰᠡᠨ ᠪᠦᠭᠡᠳ ᠣᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠦᠭᠴᠦ᠂ ᠦᠪᠡᠷᠲᠡᠭᠡᠨ ᠵᠠᠰᠠᠬᠤ ᠣᠷᠤᠨ ᠪᠣᠯᠤᠨ ᠬᠦᠯᠦᠨ ᠪᠦᠢᠷ ᠬᠤᠲᠠ ᠪᠦᠷ ᠬᠠᠮᠠᠭᠠᠯᠠᠵᠤ ᠵᠠᠰᠠᠬᠤ ᠠᠵᠢᠯ ᠳᠤ ᠲᠣᠳᠤᠷᠬᠠᠢ ᠪᠠᠶᠢᠷᠢᠯᠠᠭᠤᠯᠤᠯᠲᠠ ᠭᠡᠵᠡᠢ᠃ ᠡᠯ᠎ᠡ ᠱᠠᠲᠤ ᠡᠯ᠎ᠡ ᠭᠠᠵᠠᠷ ᠣᠷᠤᠨ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠡᠷᠬᠡᠪᠰᠢ ᠡᠨᠡ ᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠣᠳᠤᠬᠠᠨ ᠤ ᠪᠠᠶᠢᠳᠠᠯ ᠳᠠᠭᠠᠨ ᠰᠠᠭᠤᠷᠢᠯᠠᠨ᠂ ᠠᠯᠤᠰ ᠬᠡᠳᠦ ᠶᠢ ᠪᠣᠳᠤᠯᠬᠢᠯᠠᠵᠤ᠂ ᠬᠦᠯᠦᠨ ᠨᠠᠭᠤᠷ ᠤᠨ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠡᠯ᠎ᠡ ᠵᠦᠢᠯ ᠤᠨ ᠠᠵᠢᠯ ᠢ ᠨᠡᠩ ᠰᠢᠨᠵᠢᠯᠡᠬᠦ ᠤᠬᠠᠭᠠᠨᠴᠢ ᠪᠦᠭᠡᠳ ᠣᠨᠤᠪᠴᠢᠲᠠᠢ᠂ ᠰᠢᠰᠲ᠋ᠧᠮ ᠲᠠᠢ ᠦᠨᠳᠦᠷ ᠦᠷ᠎ᠡ ᠪᠦᠲᠦᠮᠵᠢᠲᠡᠢ ᠰᠠᠶᠢᠳᠤᠷ ᠬᠢᠵᠦ᠂ ᠣᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠡᠯᠡᠰᠦᠷᠬᠡᠭ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠨᠢᠭᠡᠳᠦᠯᠲᠡᠢ ᠲᠦᠯᠦᠪᠵᠢᠭᠦᠯᠦᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠬᠢᠵᠢᠭᠦᠯᠬᠦ ᠬᠡᠷᠡᠭᠲᠡᠢ ᠭᠡᠵᠡᠢ᠃       ᠭᠤᠤ ᠷᠦᠨ ᠰᠢ ᠬᠡᠯᠡᠬᠦ ᠳᠡᠭᠡᠨ᠂ ︽ᠠᠷᠪᠠᠨ ᠳᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠠᠮᠠᠭᠠᠯᠠᠨ ᠵᠠᠰᠠᠬᠤ ᠬᠡᠷᠡᠭᠵᠢᠭᠦᠯᠬᠦ ᠲᠦᠰᠦᠯ ᠳᠤ ᠲᠣᠭᠲᠠᠭᠠᠭᠰᠠᠨ ᠬᠠᠷᠠᠯᠲᠠ ᠡᠭᠦᠷᠭᠡ ᠶᠣᠰᠤᠭᠠᠷ᠂ ᠭᠤᠣᠯᠳᠠᠯᠭ᠎ᠠ ᠲᠠᠢ ᠲᠦᠷᠦᠯ ᠵᠦᠢᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠦᠷ᠎ᠡ ᠪᠦᠲᠦᠮᠵᠢ ᠪᠠᠷ ᠲᠦᠯᠬᠢᠨ ᠠᠬᠢᠭᠤᠯᠵᠤ᠂ ᠪᠦᠬᠦᠯᠢ ᠴᠣᠭᠴᠠ ᠪᠠᠷ ᠨᠢ ᠲᠦᠯᠦᠪᠵᠢᠭᠦᠯᠵᠦ᠂ ᠬᠠᠷᠢᠯᠴᠠᠨ ᠵᠣᠯᠭᠠᠯᠳᠤᠭᠤᠯᠵᠤ᠂ ᠦᠷ᠎ᠡ ᠠᠰᠢᠭ ᠢ ᠤᠷᠲᠤ ᠬᠤᠭᠤᠴᠠᠭ᠎ᠠ ᠪᠠᠷ ᠦᠷᠭᠦᠯᠵᠢᠯᠡᠨ ᠪᠠᠳᠠᠷᠠᠭᠤᠯᠬᠤ ᠬᠡᠷᠡᠭᠲᠡᠢ᠃ ᠠᠭᠤᠯᠠ ᠤᠰᠤ ᠣᠢ ᠰᠢᠭᠤᠢ ᠲᠠᠷᠢᠶᠠᠨ ᠭᠠᠵᠠᠷ ᠨᠠᠭᠤᠷ ᠪᠦᠷᠢᠲᠦ ᠡᠪᠡᠰᠦ ᠪᠡᠯᠴᠢᠭᠡᠷ ᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮᠵᠢᠭᠦᠯᠦᠨ ᠵᠠᠰᠠᠬᠤ ᠶᠢ ᠪᠠᠷᠢᠮᠳᠠᠯᠠᠵᠤ᠂ ᠭᠤᠣᠯ ᠮᠦᠷᠡᠨ ᠨᠠᠭᠤᠷ ᠭᠤᠣᠯ ᠤᠨ ᠰᠠᠪᠠ ᠭᠠᠵᠠᠷ ᠳᠠᠭᠠᠤ ᠶᠢᠨ ᠠᠮᠢ ᠠᠬᠤᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠳᠤᠷ ᠠᠳᠬᠤᠵᠤ᠂ ᠠᠮᠢᠲᠣ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠰᠢᠨᠵᠢᠯᠡᠬᠦ ᠤᠬᠠᠭᠠᠨ ᠤ ᠰᠣᠳᠤᠯᠭᠠᠨ ᠤ ᠬᠢᠨᠠᠨ ᠬᠡᠮᠵᠢᠯᠲᠡ ᠪᠠ ᠲᠣᠭᠤᠷᠢᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠴᠣᠬᠢᠯᠲᠠ ᠦᠭᠬᠦ ᠬᠡᠷᠡᠭᠲᠡᠢ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠡᠵᠡᠮᠳᠡᠨ᠂ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠤᠬᠠᠭᠤᠯᠭ᠎ᠠ ᠬᠦᠮᠦᠵᠢᠯ ᠢ ᠦᠷᠭᠡᠨ ᠢᠶᠠᠷ ᠦᠷᠨᠢᠭᠦᠯᠦᠨ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠠᠮᠢ ᠠᠬᠤᠢ ᠶᠢᠨ ᠬᠠᠮᠠᠭᠠᠯᠠᠯᠲᠠ ᠪᠠ ᠬᠦᠭᠵᠢᠯᠲᠡ ᠶᠢᠨ ᠤᠷᠭᠠᠨᠢᠭ ᠠᠭᠤᠰᠤᠯᠴᠠᠯ ᠤᠨ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠠᠮᠢ ᠠᠬᠤᠢ ᠶᠢᠨ ᠬᠠᠮᠠᠭᠠᠯᠠᠯᠲᠠ ᠪᠠ ᠠᠵᠤ ᠠᠬᠤᠢ ᠶᠢᠨ ᠬᠦᠭᠵᠢᠯᠲᠡ ᠶᠢᠨ ᠬᠤᠣᠰ ᠠᠮᠵᠢᠯᠲᠠ ᠶᠢ ᠠᠬᠢᠭᠤᠯᠬᠤ ᠬᠡᠷᠡᠭᠲᠡᠢ ᠭᠡᠵᠡᠢ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ