ᠰᠦᠨ ᠱᠤᠤ ᠴᠧᠩ ᠸᠠᠩ ᠯᠢ ᠰᠢᠶᠠ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠦᠨ ᠶᠢᠨ ᠯᠦᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/6/24
       6 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠦᠨ ᠶᠢᠨ ᠯᠦᠩ ᠲᠠᠢ ᠠᠭᠤᠯᠵᠠᠪᠠ᠃
20240624-2-1.jpg
20240624-2-2.jpg
       6 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠦᠨ ᠶᠢᠨ ᠯᠦᠩ ᠲᠠᠢ ᠠᠭᠤᠯᠵᠠᠪᠠ᠃       ᠰᠦᠨ ᠱᠤᠤ ᠴᠧᠩ ᠰᠦᠨ ᠶᠢᠨ ᠯᠦᠩ ᠨᠠᠷ ᠢ ᠪᠠᠶᠠᠷᠯᠠᠨ ᠤᠭᠲᠤᠵᠤ᠂ ᠠᠮᠢ ᠠᠬᠤᠢ ᠣᠷᠴᠢᠨ ᠲᠣᠭᠤᠷᠢᠨ ᠤ ᠶᠠᠮᠤᠨ ᠠᠴᠠ ᠥᠪᠥᠷ ᠮᠣᠩᠭᠤᠯ ᠳᠤ ᠬᠦᠴᠦᠲᠡᠢ ᠳᠡᠮᠵᠢᠯᠭᠡ ᠦᠵᠡᠭᠦᠯᠵᠦ ᠪᠠᠶᠢᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠵᠡᠷᠭᠡ ᠪᠠᠷ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠡᠷᠦᠩᠬᠡᠢ ᠰᠡᠳᠬᠢᠴᠡ ᠪᠣᠯᠣᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠳᠣᠲᠣᠷ᠎ᠠ ᠲᠡᠷᠢᠭᠦᠨ ᠡᠭᠦᠷᠭᠡ ᠨᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠶᠠᠪᠤᠳᠠᠯ ᠪᠣᠯᠣᠨ᠎ᠠ᠃ ᠡᠨᠡ ᠬᠤᠶᠠᠷ ᠵᠢᠯ ᠳᠤ᠂ ᠪᠢᠳᠡ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ᠂ ᠪᠣᠬᠢᠷᠳᠤᠯ ᠢ ᠰᠡᠷᠭᠡᠶᠢᠯᠡᠨ ᠵᠠᠰᠠᠬᠤ᠂ ᠬᠥᠯᠥᠨ ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ ᠶᠢᠨ ᠵᠠᠰᠠᠯᠲᠠ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠢᠯᠠᠩᠭᠤᠶ᠎ᠠ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠦᠭᠡᠳ ᠢᠳᠡᠪᠬᠢᠲᠡᠢ ᠦᠷ᠎ᠡ ᠪᠦᠲᠦᠮᠵᠢ ᠣᠯᠪᠠ᠃ ᠪᠢᠳᠡ ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠥᠭᠡᠷᠡᠴᠢᠯᠡᠯᠲᠡ ᠮᠥᠨ ᠭᠡᠳᠡᠭ ᠢ ᠪᠠᠷᠢᠮᠲᠠᠯᠠᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠠᠮᠢ ᠠᠬᠤᠢ ᠣᠷᠴᠢᠨ ᠲᠣᠭᠤᠷᠢᠨ ᠤ ᠶᠠᠮᠤᠨ ᠠᠴᠠ ᠪᠢᠳᠡᠨ ᠳᠤ ᠨᠡᠩ ᠤᠯᠠᠨ ᠵᠢᠯᠣᠭᠤᠳᠤᠯᠭ᠎ᠠ ᠥᠭᠴᠦ᠂ ᠥᠪᠥᠷ ᠮᠣᠩᠭᠤᠯ ᠤᠨ ᠡᠬᠡ ᠤᠯᠤᠰ ᠤᠨ ᠤᠮᠠᠷᠠᠲᠤ ᠬᠢᠯᠢ ᠶᠢᠨ ᠲᠦᠮᠡᠨ ᠭᠠᠵᠠᠷ ᠤᠨ ᠨᠣᠮᠢᠨ ᠨᠣᠭᠤᠭᠠᠨ ︽ᠤᠷᠲᠤ ᠴᠠᠭᠠᠨ ᠬᠡᠷᠡᠮ︾ ᠢ ᠨᠡᠩ ᠪᠠᠲᠤ ᠪᠠᠬᠢ ᠪᠣᠯᠭᠠᠨ ᠪᠠᠶᠢᠭᠤᠯᠬᠤ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃       ᠰᠦᠨ ᠶᠢᠨ ᠯᠦᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠣᠯᠣᠭᠰᠠᠨ ᠠᠮᠵᠢᠯᠲᠠ ᠶᠢ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠷᠡ᠂ ᠣᠶᠢᠷ᠎ᠠ ᠶᠢᠨ ᠵᠢᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠭᠤᠶᠢᠪᠢᠰᠢ ᠦᠭᠡᠢ ᠪᠠᠷ ᠠᠮᠢ ᠠᠬᠤᠢ ᠶᠢ ᠪᠠᠲᠤᠯᠠᠵᠤ᠂ ᠠᠷᠪᠢᠯᠠᠨ ᠭᠠᠮᠨᠠᠬᠤ ᠶᠢ ᠠᠳᠬᠤᠵᠤ᠂ ᠪᠣᠬᠢᠷᠳᠤᠯ ᠢ ᠵᠠᠰᠠᠵᠤ᠂ ᠭᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠵᠤ᠂ ᠥᠭᠡᠷᠡᠴᠢᠯᠡᠯᠲᠡ ᠶᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠢᠳᠡᠪᠬᠢᠲᠡᠢ ᠦᠷ᠎ᠡ ᠪᠦᠲᠦᠮᠵᠢ ᠣᠯᠵᠠᠢ᠃ ᠠᠮᠢ ᠠᠬᠤᠢ ᠣᠷᠴᠢᠨ ᠲᠣᠭᠤᠷᠢᠨ ᠤ ᠶᠠᠮᠤᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠥᠪᠥᠷ ᠮᠣᠩᠭᠤᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠪᠣᠯᠣᠨ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠭᠦᠨᠵᠡᠭᠡᠢ ᠠᠬᠢᠭᠤᠯᠬᠤ ᠶᠢ ᠲᠡᠮᠵᠢᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠲᠠᠰᠤᠷᠠᠯᠳᠡ ᠦᠭᠡᠢ ᠪᠠᠬᠢᠵᠢᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠥᠪᠥᠷ ᠮᠣᠩᠭᠤᠯ ᠤᠨ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠦ ᠬᠡᠯᠡᠪᠡ᠃       ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠧᠩ ᠬᠤᠩ ᠹᠠᠨ᠂ ᠢᠦᠢ ᠯᠢ ᠰᠢᠨ᠂ ᠶᠣᠣ ᠶᠦᠩ ᠪᠦᠸᠧ ᠣᠷᠣᠯᠴᠠᠵᠠᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ