ᠸᠠᠩ ᠯᠢ ᠰᠢᠶᠠ ᠣᠷᠳᠣᠰ ᠬᠤᠳᠠ ᠳᠤ ᠬᠦᠷᠴᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠵᠢᠯᠤᠭᠤᠳᠴᠤ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/24
       6 ᠰᠠᠷ᠎ᠠ ᠶᠢᠨ 18 ᠠᠴᠠ 19 ᠤ ᠡᠳᠦᠷ ᠪᠤᠯᠲᠠᠯ᠎ᠠ᠂ ᠸᠠᠩ ᠯᠢ ᠰᠢᠶᠠ ᠣᠷᠳᠣᠰ ᠬᠤᠳᠠ ᠳᠤ ᠬᠦᠷᠴᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠵᠢᠯᠤᠭᠤᠳᠴᠤ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠪᠠᠶᠢᠴᠠᠭᠠᠨ ᠰᠤᠳᠤᠯᠪᠠ᠃
20240624-4-1.jpg
       ᠸᠠᠩ ᠯᠢ ᠰᠢᠶᠠ ᠡᠩ ᠲᠡᠷᠢᠭᠦᠨ ᠳᠤ ᠳ᠋ᠦᠩᠱᠧᠩ ᠲᠣᠭᠤᠷᠢᠭ ᠤᠨ ᠠᠨᠳᠠ ᠨᠡᠶᠢᠭᠡᠮ ᠲᠣᠭᠤᠷᠢᠭ ᠲᠤ ᠬᠦᠷᠴᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠵᠤ᠂ ᠨᠡᠶᠢᠭᠡᠮ ᠲᠣᠭᠤᠷᠢᠭ ᠤᠨ ᠨᠠᠮ ᠤᠨ ᠡᠭᠦᠷ ᠪᠠ ᠠᠷᠠᠳ ᠤᠨ ᠵᠥᠪᠯᠡᠯ ᠤᠨ ᠪᠠᠭ ᠤᠨ ᠬᠢᠨ ᠪᠣᠯᠣᠨ ᠨᠡᠭᠦᠳᠡᠯ ᠨᠠᠮ ᠤᠨ ᠭᠡᠰᠢᠭᠦᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠳᠤ ᠤᠷᠤᠯᠴᠠᠬᠰᠠᠨ ᠪᠠᠶᠢᠳᠠᠯ ᠢ ᠣᠶᠢᠯᠠᠭᠠᠪᠠ᠃ ᠲᠡᠷᠡ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠮᠥᠨ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠯᠠᠪᠳᠠᠭᠤᠨ ᠪᠠᠲᠤᠲᠠᠢ ᠠᠬᠢᠭᠤᠯᠵᠤ᠂ ᠡᠷᠬᠡᠪᠰᠢ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠪᠠᠳᠠᠷᠠᠭᠤᠯᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠳᠤ ᠰᠠᠭᠤᠭᠳᠠᠮ᠎ᠠ ᠭᠠᠷ ᠲᠤ ᠪᠠᠷᠢᠭᠳᠠᠮ᠎ᠠ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠪᠤᠯᠭᠠᠬᠤ ᠬᠡᠷᠡᠭᠲᠡᠢ᠃ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ᠂ ︽ᠪᠠᠭ᠎ᠠ ᠮᠣᠷᠢᠨ ᠳᠤ ᠶᠡᠭᠡ ᠲᠡᠷᠭᠡ ᠬᠥᠯᠬᠦ︾ ᠠᠰᠠᠭᠤᠳᠠᠯ ᠢ ᠠᠷᠭᠠᠴᠠᠭᠠᠨ ᠰᠢᠢᠳᠪᠦᠷᠢᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠲᠡᠷᠡ ᠲᠢᠶᠠᠨ ᠵᠢᠶᠣᠣ ᠵᠡᠭᠡᠯᠢ ᠭᠤᠳᠤᠮᠵᠢ ᠶᠢᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠭᠦᠢᠴᠡᠳ ᠨᠤᠲᠠᠯᠠᠵᠤ᠂ ᠰᠠᠶᠢᠨ ᠳᠤᠷ᠎ᠠ ᠶᠢᠨ ᠠᠵᠢᠯᠯᠠᠭᠰᠠᠳ ᠤᠨ ᠰᠠᠨᠠᠭᠠᠴᠢᠯᠠᠭ᠎ᠠ ᠠᠴᠠ ᠪᠠᠨ ᠰᠠᠶᠢᠲᠤᠷ ᠦᠢᠯᠡᠴᠢᠯᠡᠬᠦ ᠮᠥᠷᠲᠡᠭᠡᠨ ᠤᠯᠠᠨ ᠲᠦᠮᠡᠨ ᠢ ᠲᠠᠶᠢᠴᠢᠯᠠᠨ ᠥᠷᠭᠡᠨ ᠢᠶᠠᠷ ᠣᠷᠣᠯᠴᠠᠭᠤᠯᠬᠤ ᠶᠢ ᠵᠣᠷᠢᠭᠵᠢᠭᠤᠯᠪᠠ᠃
20240624-4-2.jpg
       ᠸᠠᠩ ᠯᠢ ᠰᠢᠶᠠ ᠤᠷᠢᠳ ᠬᠤᠵᠢᠳ ᠥᠪᠥᠷ ᠮᠣᠩᠭᠤᠯ ᠤᠨ ᠨᠡᠭᠦᠷᠡᠰᠦᠨ ᠤ ᠠᠷᠠᠯᠵᠢᠶᠠᠨ ᠤ ᠲᠥᠪ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠶᠢ ᠡᠭᠦᠳᠬᠦ ᠮᠡᠷᠭᠡᠵᠢᠯ ᠤᠨ ᠵᠠᠪᠰᠠᠷ ᠲᠤᠷᠰᠢᠯᠲᠠ ᠶᠢᠨ ᠰᠠᠭᠤᠷᠢᠨ ᠪᠣᠯᠣᠨ ᠥᠪᠥᠷ ᠮᠣᠩᠭᠤᠯ ᠤᠨ ᠪᠦᠦ ᠹᠧᠩ ᠨᠡᠭᠦᠷᠡᠰᠦ ᠪᠠᠷ ᠠᠯᠺᠧᠨ ᠦᠢᠯᠡᠳᠬᠦ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠲᠠᠪᠴᠠᠩ ᠤᠨ ᠪᠠᠶᠢᠭᠤᠯᠤᠯᠲᠠ᠂ ᠲᠦᠷᠦᠯ ᠵᠦᠢᠯ ᠤᠨ ᠠᠬᠢᠴᠠ ᠪᠣᠯᠣᠨ ᠣᠷᠣᠰᠢᠵᠤ ᠪᠠᠶᠢᠭ᠎ᠠ ᠠᠰᠠᠭᠤᠳᠠᠯ ᠢ ᠨᠠᠷᠢᠯᠢᠭ ᠣᠶᠢᠯᠠᠭᠠᠪᠠ᠃ ᠲᠡᠷᠡ᠂ ᠵᠠᠪᠰᠠᠷ ᠲᠤᠷᠰᠢᠯᠲᠠ ᠶᠢᠨ ᠰᠠᠭᠤᠷᠢᠨ ᠤ ᠬᠢᠨ ᠡᠯ᠎ᠡ ᠲᠠᠯ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠢ ᠶᠡᠭᠡ ᠪᠠᠷ ᠣᠷᠣᠭᠤᠯᠤᠨ ᠠᠪᠴᠢᠷᠠᠵᠤ᠂ ᠪᠦᠭᠦ ᠤᠯᠤᠰ ᠲᠤ ᠬᠠᠨᠳᠤᠭᠤᠯᠤᠨ ᠦᠢᠯᠡᠴᠢᠯᠡᠭᠡ ᠬᠠᠩᠭᠠᠬᠤ ᠭᠡᠷᠡᠭᠲᠡᠢ︔ ᠪᠦᠦ ᠹᠧᠩ ᠤᠨ ᠲᠥᠷᠥᠯ ᠵᠦᠢᠯ ᠤᠨ ᠬᠠᠷᠢᠭᠤᠴᠠᠯᠭᠠᠲᠠᠨ ᠳᠤ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠵᠦ᠂ ᠡᠷᠲᠡᠬᠡᠨ ᠦᠢᠯᠡᠳᠪᠦᠷᠢᠯᠡᠯ ᠤᠨ ᠪᠠᠷᠢᠮᠵᠢᠶ᠎ᠠ ᠳᠤ ᠬᠦᠷᠴᠦ᠂ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠤᠷᠢᠳᠴᠢᠯᠠᠨ ᠲᠥᠰᠥᠪᠯᠡᠬᠦ ᠬᠡᠷᠡᠭᠲᠡᠢ ᠭᠡᠵᠦ ᠵᠠᠬᠢᠪᠠ᠃ ᠦᠦᠰᠢᠨ ᠬᠤᠰᠢᠭᠤᠨ ᠳᠤ᠂ ᠸᠠᠩ ᠯᠢ ᠰᠢᠶᠠ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠣᠷᠳᠣᠰ ᠬᠤᠳᠠ ᠶᠢᠨ ᠬᠠᠷᠢᠭᠤᠴᠠᠯᠭᠠᠲᠠᠨ ᠨᠥᠬᠦᠳ ᠲᠠᠢ ᠶᠠᠷᠢᠯᠴᠠᠬᠤ ᠬᠤᠷᠠᠯ ᠬᠢᠵᠦ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃ ᠲᠡᠷᠡ᠂ ᠥᠪᠥᠷ ᠮᠣᠩᠭᠤᠯ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠭᠦ ᠣᠷᠣᠨ ᠪᠣᠯᠣᠨ ᠨᠡᠭᠦᠷᠡᠰᠦ ᠪᠠᠷ ᠲᠣᠰᠣ ᠬᠡᠢ ᠦᠢᠯᠡᠳᠬᠦ ᠪᠠᠶᠢᠯᠳᠤᠬᠤ ᠪᠣᠳᠣᠯᠭ᠎ᠠ ᠶᠢᠨ ᠰᠠᠭᠤᠷᠢᠨ ᠢ ᠪᠦᠲᠦᠭᠡᠨ ᠪᠠᠶᠢᠭᠤᠯᠬᠤ ᠴᠢᠬᠤᠯᠠ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠂ ᠬᠤᠯᠪᠣᠯᠳᠤᠨ ᠬᠥᠭᠵᠢᠬᠦ᠂ ᠬᠡᠯᠬᠢᠶ᠎ᠡ ᠶᠢ ᠤᠷᠲᠤᠳᠬᠠᠬᠤ ᠵᠡᠷᠭᠡ ᠲᠠᠯ᠎ᠠ ᠪᠠᠷ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠬᠤ ᠪᠠᠷ ᠴᠢᠷᠮᠠᠶᠢᠬᠤ ᠬᠡᠷᠡᠭᠲᠡᠢ᠃ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠢ ᠪᠦᠭᠦ ᠣᠷᠣᠨ ᠢᠶᠠᠷ ᠢᠶᠠᠨ ᠨᠢᠭᠡᠳᠦᠯᠲᠡᠢ ᠲᠥᠯᠥᠪᠵᠢᠭᠦᠯᠵᠦ᠂ ᠵᠣᠬᠢᠰᠲᠠᠢ ᠪᠠᠶᠢᠷᠢᠰᠢᠭᠤᠯᠵᠤ᠂ ᠲᠥᠪᠯᠡᠷᠡᠭᠦᠯᠦᠨ ᠡᠷᠴᠢᠮᠵᠢᠭᠦᠯᠦᠨ ᠬᠥᠭᠵᠢᠭᠦᠯᠬᠦ ᠶᠢ ᠪᠠᠷᠢᠮᠲᠠᠯᠠᠬᠤ ᠬᠡᠷᠡᠭᠲᠡᠢ᠂ ᠭᠠᠵᠠᠷ ᠪᠣᠯᠭᠠᠨ ᠳᠤ ᠪᠦᠲᠦᠭᠡᠨ ᠪᠠᠶᠢᠭᠤᠯᠵᠤ ᠪᠤᠯᠬᠤ ᠦᠭᠡᠢ᠃ ᠵᠠᠰᠠᠭ ᠤᠨ ᠣᠷᠳᠣᠨ ᠠᠴᠠ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠡᠬᠢ ᠪᠠᠶᠠᠯᠢᠭ ᠤᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠪᠦᠭᠦ ᠲᠠᠯ᠎ᠠ ᠶᠢᠨ ᠦᠢᠯᠡᠴᠢᠯᠡᠭᠡ ᠬᠠᠩᠭᠠᠬᠤ ᠬᠡᠷᠡᠭᠲᠡᠢ᠂ ᠤᠯᠤᠰ ᠤᠨ ᠲᠠᠰ ᠳᠠᠪᠬᠤᠷᠭ᠎ᠠ ᠳᠤ ᠬᠠᠷᠢᠶᠠᠯᠠᠭᠳᠠᠬᠤ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠠᠶᠢᠮᠠᠭ ᠬᠤᠲᠠ ᠴᠥᠮ ᠬᠠᠪᠰᠤᠷᠤᠨ ᠭᠦᠶᠦᠵᠦ᠂ ᠬᠠᠪᠰᠤᠷᠤᠨ ᠠᠩᠬᠠᠷᠴᠤ᠂ ᠣᠷᠣᠨ ᠤ ᠳᠣᠲᠣᠨ᠎ᠠ ᠬᠠᠷᠢᠶᠠᠯᠠᠭᠳᠠᠬᠤ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠳᠠᠭᠠᠭᠠᠯᠭᠠᠨ ᠲᠤᠰᠬᠠᠢ ᠠᠩᠭᠢ ᠪᠠᠶᠢᠭᠤᠯᠵᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
20240624-4-3.jpg
20240624-4-4.jpg
       ᠡᠨᠡ ᠬᠤᠭᠤᠴᠠᠭᠠᠨ ᠳᠤ᠂ ᠸᠠᠩ ᠯᠢ ᠰᠢᠶᠠ ᠪᠠᠰᠠ ᠲᠤᠬᠠᠢ ᠶᠢᠨ ᠳᠠᠯᠠᠪᠠᠢ ᠳᠤ ᠵᠠᠬᠢᠳᠠᠯ ᠰᠤᠷᠪᠤᠯᠵᠢᠯᠠᠯ ᠤᠨ ᠬᠡᠷᠡᠭ ᠳᠠᠭᠠᠭᠠᠴᠢᠯᠠᠵᠤ ᠰᠢᠢᠳᠪᠦᠷᠢᠯᠡᠭᠰᠡᠨ ᠪᠠᠶᠢᠳᠠᠯ ᠢ ᠲᠣᠬᠢᠷᠠᠭᠤᠯᠪᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ