6 ᠰᠠᠷ᠎ᠠ ᠶᠢᠨ 19 ᠤ ᠡᠳᠦᠷ᠂ ᠰᠦᠨ ᠱᠤᠤ ᠴᠧᠩ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠳᠤ ᠬᠦᠷᠴᠦ᠂ ︽ᠭᠡᠷᠡᠴᠢᠯᠡᠯ • ᠬᠠᠮᠲᠤ ᠶᠢᠨ | ᠠᠶᠠᠯᠠᠯ︾ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠬᠠᠷᠠᠭᠠᠨ ᠳᠠᠬᠢ ︽ᠤᠮᠠᠷᠠᠲᠤ ᠶᠢᠨ ᠭᠤᠷᠪᠠᠨ ᠣᠷᠣᠨ︾ ᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠪᠣᠳᠠᠲᠤ ᠲᠡᠮᠳᠡᠭᠯᠡᠯ ᠤᠨ ᠳᠦᠷᠰᠦ ᠰᠢᠩᠭᠡᠭᠡᠯᠲᠡ ᠭᠡᠷᠡᠯ ᠵᠢᠷᠤᠭ ᠤᠨ ᠦᠵᠡᠭᠦᠯᠭᠡ ᠶᠢ ᠲᠣᠭᠤᠷᠢᠨ ᠦᠵᠡᠪᠡ᠃ | | | | | | | 6 ᠰᠠᠷ᠎ᠠ ᠶᠢᠨ 19 ᠤ ᠡᠳᠦᠷ᠂ ᠰᠦᠨ ᠱᠤᠤ ᠴᠧᠩ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠳᠤ ᠬᠦᠷᠴᠦ᠂ ︽ᠭᠡᠷᠡᠴᠢᠯᠡᠯ • ᠬᠠᠮᠲᠤ ᠶᠢᠨ | ᠠᠶᠠᠯᠠᠯ︾ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠬᠠᠷᠠᠭᠠᠨ ᠳᠠᠬᠢ ︽ᠤᠮᠠᠷᠠᠲᠤ ᠶᠢᠨ ᠭᠤᠷᠪᠠᠨ ᠣᠷᠣᠨ︾ ᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠪᠣᠳᠠᠲᠤ ᠲᠡᠮᠳᠡᠭᠯᠡᠯ ᠤᠨ ᠳᠦᠷᠰᠦ ᠰᠢᠩᠭᠡᠭᠡᠯᠲᠡ ᠭᠡᠷᠡᠯ ᠵᠢᠷᠤᠭ ᠤᠨ ᠦᠵᠡᠭᠦᠯᠭᠡ ᠶᠢ ᠲᠣᠭᠤᠷᠢᠨ ᠦᠵᠡᠪᠡ᠃ | ᠲᠤᠰ ᠤᠳᠠᠭ᠎ᠠ ᠶᠢᠨ ᠦᠵᠡᠭᠦᠯᠭᠡ ᠨᠢ 133 ᠬᠤᠪᠢ ᠭᠡᠷᠡᠯ ᠵᠢᠷᠤᠭ ᠪᠣᠯᠣᠨ 6 ᠬᠡᠰᠡᠭ ᠸᠢᠳᠢᠤ᠋ ᠪᠠᠷ ᠪᠦᠷᠢᠯᠳᠦᠵᠦ᠂ ᠨᠡᠯᠦᠭᠡᠷ ᠶᠡᠭᠡ ᠡᠯᠡᠰᠦ᠂ ᠡᠯᠡᠰᠦ | ᠮᠠᠩᠬ᠎ᠠ ᠳᠤ ᠲᠠᠶᠢᠨ ᠵᠠᠷᠯᠠᠭᠰᠠᠨ᠂ ᠰᠢᠷᠭᠠᠯ ᠡᠯᠡᠰᠦ ᠶᠢ ᠰᠢᠵᠢᠷ ᠠᠯᠲᠠ ᠪᠤᠯᠭᠠᠬᠰᠠᠨ ᠭᠡᠬᠦ ᠭᠤᠷᠪᠠᠨ ᠪᠦᠯᠦᠭ ᠬᠤᠪᠢᠶᠠᠵᠤ᠂ ᠪᠦᠭᠦ ᠣᠷᠣᠨ ᠤ ᠥᠷᠭᠡᠨ ᠤᠯᠠᠨ ᠺᠠᠳ᠋ᠷ | ᠤᠯᠠᠨ ᠲᠦᠮᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠭᠷᠢ ᠭᠠᠵᠠᠷ ᠲᠠᠢ ᠲᠡᠮᠡᠴᠡᠬᠦ ᠪᠠᠭᠠᠲᠤᠷᠯᠢᠭ ᠰᠥᠰᠥ ᠵᠣᠷᠢᠭ᠂ | ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠬᠠᠳᠠᠨ ᠵᠣᠷᠢᠭ ᠢᠶᠠᠷ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ | ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠦᠭᠰᠡᠨ ᠠᠮᠢᠳᠤᠯᠢᠭ ᠠᠬᠤᠢ ᠪᠠᠶᠢᠳᠠᠯ ᠪᠣᠯᠣᠨ ᠡᠯᠪᠡᠭ ᠦᠷ᠎ᠡ ᠪᠦᠲᠦᠭᠡᠯ ᠢ ᠲᠡᠮᠳᠡᠭᠯᠡᠪᠡ᠃ | ︽ᠡᠯᠡᠰᠦᠨ ᠴᠦᠯ ᠤᠨ ᠲᠡᠨᠡᠭ ᠡᠪᠦᠭᠡᠨ︾ ᠼᠤᠤ ᠵᠠᠪᠠ 60 ᠭᠠᠷᠤᠢ ᠵᠢᠯ ᠤᠨ ᠴᠠᠭ ᠢ ᠬᠡᠷᠡᠭᠰᠡᠨ 2000 ᠮᠦ ᠡᠯᠡᠰᠦᠷᠬᠡᠭ ᠭᠠᠵᠠᠷ ᠢ ᠣᠶᠢᠲᠤ ᠣᠷᠣᠨ | ᠪᠣᠯᠭᠠᠨ ᠬᠤᠪᠢᠷᠠᠭᠤᠯᠵᠤ᠂ ᠴᠡᠷᠢᠭ ᠠᠴᠠ ᠬᠠᠯᠠᠭᠳᠠᠭᠰᠠᠨ ᠯᠢᠦᠢ ᠵᠧᠨ ᠱᠧᠩ ᠲᠤᠬᠠᠢ ᠶᠢᠨ ᠭᠠᠵᠠᠷ ᠤᠨ ᠤᠯᠠᠨ ᠲᠦᠮᠡᠨ ᠢ ᠳᠠᠭᠠᠭᠤᠯᠤᠨ ᠨᠡᠶᠢᠳᠡ 2 ᠲᠦᠮᠡ ᠭᠠᠷᠤᠢ | ᠮᠦ ᠨᠣᠭᠤᠭᠠᠷᠠᠭᠤᠯᠤᠨ ᠣᠶᠢᠵᠢᠭᠤᠯᠵᠤ᠂ ︽ᠶᠡᠷᠡᠭᠡᠳ ᠣᠨ ᠠᠴᠠ ᠰᠡᠭᠦᠯᠡᠷ ᠲᠦᠷᠦᠭᠰᠡᠨ︾ ᠠᠮᠧᠷᠢᠺᠠ ᠵᠠᠯᠠᠭᠤ ︽ᠡᠯᠡᠰᠦ ᠶᠢ ᠵᠠᠰᠠᠭᠰᠠᠨ ᠭᠦᠳᠡᠯᠮᠦᠷᠢ ᠶᠢᠨ | ᠵᠢᠱᠢᠶᠡᠴᠢ︾ ᠶᠢᠨ ᠢᠦᠢ ᠵᠧᠨ ᠤ ᠨᠥᠯᠥᠭᠡ ᠪᠠᠷ ᠮᠤᠤᠠᠤᠰᠤ ᠶᠢᠨ ᠡᠯᠡᠰᠦᠷᠬᠡᠭ ᠭᠠᠵᠠᠷ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠩᠨᠡᠭᠡ ᠳᠤ | ᠣᠷᠣᠯᠴᠠᠪᠠ ᠁ ᠠᠯᠢ ᠤᠯᠠᠨ ᠭᠡᠷᠡᠯ ᠵᠢᠷᠤᠭ᠂ ᠸᠢᠳᠢᠤ᠋ ᠨᠢ ᠣᠷᠣᠨ ᠳᠠᠶᠠᠭᠠᠷ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠷᠭᠠᠭᠤ ᠬᠠᠲᠠᠭᠤᠵᠢᠯᠲᠠᠢ | ᠥᠩᠭᠡᠷᠡᠯᠲᠡ ᠪᠣᠯᠣᠨ ᠬᠥᠮᠥᠰ ᠢ ᠳᠣᠭᠳᠣᠯᠤᠭᠤᠯᠤᠮ᠎ᠠ ᠬᠤᠷᠣᠮ ᠤᠳ ᠢ ᠪᠦᠭᠦ ᠲᠠᠯ᠎ᠠ ᠪᠠᠷ ᠢᠯᠡᠷᠡᠭᠦᠯᠵᠢ᠃ ᠰᠦᠨ ᠱᠤᠤ ᠴᠧᠩ ᠪᠠᠶᠢᠨ ᠪᠠᠶᠢᠨ ᠵᠣᠭᠰᠣᠵᠤ ᠨᠠᠷᠢᠨ | ᠬᠢᠨᠠᠮᠠᠭᠠᠢ ᠦᠵᠡᠵᠦ᠂ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠬᠤ ᠶᠢᠨ ᠵᠡᠷᠭᠡ ᠪᠠᠷ ᠬᠤᠯᠪᠣᠭᠳᠠᠯ ᠪᠦᠬᠦᠢ ᠨᠥᠬᠦᠳ ᠲᠠᠢ ᠰᠠᠨᠠᠯ ᠢᠶᠠᠨ ᠰᠣᠯᠢᠯᠴᠠᠵᠤ ᠪᠠᠶᠢᠯ᠎ᠠ᠃ | ᠲᠡᠷᠡ᠂ ᠡᠨᠡ ᠤᠳᠠᠭ᠎ᠠ ᠶᠢᠨ ᠲᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠷᠢᠶ᠎ᠠ ᠶᠢᠨ ᠡᠷᠭᠢᠯᠡᠭᠰᠡᠨ ᠪᠣᠳᠠᠲᠤ ᠲᠡᠮᠳᠡᠭᠯᠡᠯ ᠤᠨ ᠳᠦᠷᠰᠦ ᠰᠢᠩᠭᠡᠭᠡᠯᠲᠡ ᠭᠡᠷᠡᠯ ᠵᠢᠷᠤᠭ ᠤᠨ ᠦᠵᠡᠭᠦᠯᠭᠡ ᠨᠢ ᠮᠠᠰᠢ ᠶᠡᠭᠡ ᠠᠴᠢ ᠬᠤᠯᠪᠣᠭᠳᠠᠯ ᠲᠠᠢ ᠶᠤᠮ᠂ ᠠᠯᠢ | ᠤᠯᠠᠨ ᠭᠡᠷᠡᠯ ᠵᠢᠷᠤᠭ ᠪᠣᠯᠣᠨ ᠸᠢᠳᠢᠤ᠋ ᠪᠠᠷ ᠳᠠᠮᠵᠢᠭᠤᠯᠤᠨ ᠮᠠᠨ ᠤ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠭᠰᠠᠨ ᠭᠠᠯ ᠬᠠᠯᠠᠭᠤᠨ ᠪᠠᠶᠢᠳᠠᠯ ᠪᠣᠯᠣᠨ ᠡᠯᠪᠡᠭ ᠪᠠᠶᠠᠯᠢᠭ ᠦᠷ᠎ᠡ ᠪᠦᠲᠦᠭᠡᠯ ᠢ ᠲᠥᠪᠯᠡᠷᠡᠩᠭᠦᠢ ᠢᠯᠡᠷᠡᠭᠦᠯᠪᠡ᠃ ᠣᠯᠠᠨ ᠵᠢᠯ ᠤᠨ ᠲᠤᠷᠰᠢᠬᠢ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ ᠦᠢᠯᠡᠳᠦᠯᠭᠡ ᠶᠢᠨ ᠳᠤᠮᠳᠠ᠂ ᠮᠠᠨ ᠤ ᠣᠷᠣᠨ ᠳᠤ ᠮᠠᠰᠢ ᠣᠯᠠᠨ ᠲᠡᠷᠢᠭᠦᠨ ᠤ ᠨᠡᠶᠢᠲᠡᠯᠢᠭ ᠵᠢᠱᠢᠶ᠎ᠡ ᠴᠣᠯᠭᠤᠷᠠᠨ ᠭᠠᠷᠴᠤ᠂ | ᠬᠤᠯᠪᠣᠭᠳᠠᠯ ᠪᠦᠬᠦᠢ ᠲᠠᠯ᠎ᠠ ᠶᠢᠨ ᠬᠢᠨ ᠲᠡᠳᠡᠨ ᠤ ᠰᠡᠳᠬᠢᠯ ᠬᠥᠳᠡᠯᠭᠡᠮ᠎ᠡ ᠦᠶ᠋ᠯᠡ ᠠᠵᠢᠯᠯᠠᠭ᠎ᠠ ᠶᠢ ᠰᠠᠶᠢᠲᠤᠷ ᠠᠭᠤᠳᠠᠯᠤᠨ ᠳ᠋ᠦᠩᠨᠡᠵᠦ᠂ ᠮᠠᠨ ᠤ ᠣᠷᠣᠨ ᠤ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠠᠳ ᠣᠯᠣᠭᠰᠠᠨ ᠴᠢᠬᠤᠯᠠ ᠦᠷ᠎ᠡ ᠪᠦᠲᠦᠮᠵᠢ ᠶᠢ ᠰᠠᠶᠢᠲᠤᠷ ᠤᠬᠠᠭᠤᠯᠵᠤ᠂ ᠰᠠᠶᠢᠲᠤᠷ ᠳᠡᠯᠭᠡᠨ ᠦᠵᠡᠭᠦᠯᠵᠦ᠂ | ᠥᠪᠥᠷ ᠮᠣᠩᠭᠤᠯ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠥᠯᠢᠭᠡᠷ ᠢ ᠠᠮᠢᠳᠤᠯᠢᠭ ᠰᠠᠶᠢᠬᠠᠨ ᠶᠠᠷᠢᠵᠤ᠂ ᠪᠦᠭᠦ ᠨᠡᠶᠢᠭᠡᠮ ᠤᠨ ᠬᠢᠨ ᠤ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠨᠡ ᠬᠦ ᠭᠠᠪᠢᠶ᠎ᠠ ᠵᠢᠳᠬᠦᠯ ᠨᠢ ᠣᠲᠣ ᠦᠶ᠎ᠡ ᠳᠤ᠂ ᠠᠰᠢᠭ ᠲᠤᠰᠠ ᠨᠢ ᠥᠨᠢ ᠡᠭᠦᠷᠢᠳᠡ ᠣᠷᠣᠰᠢᠬᠤ ᠡᠷᠬᠢᠮ | ᠳᠡᠭᠡᠳᠦ ᠦᠢᠯᠡᠰ ᠲᠤ ᠨᠠᠩ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠣᠷᠤᠯᠴᠠᠬᠤ ᠶᠢ ᠵᠣᠷᠢᠭᠵᠢᠭᠤᠯᠬᠤ ᠬᠡᠷᠡᠭᠲᠡᠢ ᠭᠡᠪᠡ᠃ | ᠢᠦᠢ ᠯᠢ ᠰᠢᠨ᠂ ᠪᠠᠢ ᠴᠢᠩ ᠶᠤᠸᠠᠨ ᠣᠷᠣᠯᠴᠠᠵᠠᠢ᠃ | |