ᠰᠦᠨ ᠱᠣᠣ ᠴᠧᠩ ᠸᠠᠩ ᠯᠢ ᠰᠢᠶᠠ ᠵᠠᠩ ᠶᠠᠨ ᠺᠦᠨ ᠨᠠᠷ ᠼᠠᠢ ᠳ᠋ᠠ ᠹᠧᠩ ᠵᠦ ᠶᠦᠩ ᠰᠢᠨ ᠲᠠᠢ ᠪᠠᠷᠠᠳᠠᠨ ᠠᠭᠤᠯᠵᠠᠪᠠ
ᠨᠡᠶᠢᠲᠡᠯᠡᠭᠰᠡᠨ ᠴᠠᠭ᠄
2024/6/24
       6 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠭᠦᠭᠡᠬᠤᠲᠠ ᠳᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ᠂ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠶᠢᠨ ᠲᠡᠷᠢᠭᠦᠯᠡᠭᠴᠢ ᠼᠠᠢ ᠳ᠋ᠠ ᠹᠧᠩ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠶᠢᠨ ᠪᠠᠶᠢᠩᠭᠤ ᠶᠢᠨ ᠳᠡᠳ᠋ ᠲᠡᠷᠢᠭᠦᠯᠡᠭᠴᠢ ᠵᠦ ᠶᠦᠩ ᠰᠢᠨ ᠲᠠᠢ ᠪᠠᠷᠠᠳᠠᠨ ᠠᠭᠤᠯᠵᠠᠪᠠ᠃
20240624-6-1.jpg
       6 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠭᠦᠭᠡᠬᠤᠲᠠ ᠳᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ᠂ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠶᠢᠨ ᠲᠡᠷᠢᠭᠦᠯᠡᠭᠴᠢ ᠼᠠᠢ ᠳ᠋ᠠ ᠹᠧᠩ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠶᠢᠨ ᠪᠠᠶᠢᠩᠭᠤ ᠶᠢᠨ ᠳᠡᠳ᠋ ᠲᠡᠷᠢᠭᠦᠯᠡᠭᠴᠢ ᠵᠦ ᠶᠦᠩ ᠰᠢᠨ ᠲᠠᠢ ᠪᠠᠷᠠᠳᠠᠨ ᠠᠭᠤᠯᠵᠠᠪᠠ᠃       ᠰᠤᠷᠪᠤᠯᠵᠢᠯᠠᠬᠴᠢ ᠮᠠ ᠵᠢᠶᠠᠨ ᠴᠢᠤᠸᠠᠨ ᠰᠡᠭᠦᠳᠡᠷᠯᠡᠪᠡ       ᠼᠠᠢ ᠳ᠋ᠠ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠣᠭᠰᠠᠨ ᠠᠮᠵᠢᠯᠲᠠ ᠪᠦᠲᠦᠮᠵᠢ ᠶᠢ ᠮᠠᠭᠲᠠᠨ ᠰᠠᠶᠢᠰᠢᠶᠠᠵᠤ᠂ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠠᠵᠢᠯ ᠢ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠷᠡ᠂ ᠥᠪᠥᠷ ᠮᠣᠩᠭᠤᠯ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ ᠶᠤᠮ᠂ ᠣᠶᠢᠷ᠎ᠠ ᠶᠢᠨ ᠵᠢᠯ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠣᠷᠣᠨ ᠳᠠᠶᠠᠭᠠᠷ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠷᠡᠮᠡᠬᠡᠶᠢᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ ᠭᠦᠨᠵᠡᠭᠡᠢ ᠨᠠᠷᠢᠯᠢᠭ ᠠᠵᠢᠯᠯᠠᠵᠤ᠂ ᠡᠯ᠎ᠡ ᠵᠦᠢᠯ ᠤᠨ ᠠᠵᠢᠯ ᠰᠠᠶᠢᠨ ᠦᠷ᠎ᠡ ᠪᠦᠲᠦᠮᠵᠢ ᠣᠯᠪᠠ᠃ ᠡᠨᠡ ᠤᠳᠠᠭ᠎ᠠ ᠥᠪᠥᠷ ᠮᠣᠩᠭᠤᠯ ᠳᠤ ᠢᠷᠡᠭᠡᠳ ᠪᠢᠳᠡ ᠥᠪᠥᠷ ᠮᠣᠩᠭᠤᠯ ᠤᠨ ᠬᠥᠭᠵᠢᠯᠲᠡ ᠬᠤᠪᠢᠷᠠᠯᠲᠠ ᠪᠣᠯᠣᠨ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠦᠨᠡᠨ ᠬᠦ ᠮᠡᠳᠡᠷᠡᠵᠦ᠂ ᠥᠪᠥᠷ ᠮᠣᠩᠭᠤᠯ ᠤᠨ ᠢᠷᠡᠭᠡᠳᠦᠢ ᠳᠤ ᠢᠲᠡᠭᠡᠯ ᠲᠡᠭᠦᠯᠳᠡᠷ ᠪᠠᠶᠢᠨ᠎ᠠ᠃ ᠥᠪᠥᠷ ᠮᠣᠩᠭᠤᠯ ᠪᠣᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠮᠥᠨ᠂ ᠨᠢᠭᠡᠳᠦᠮᠡᠯ ᠹᠷᠣᠨᠲ ᠤᠨ ᠠᠵᠢᠯ ᠤᠨ ᠴᠢᠬᠤᠯᠠ ᠦᠢᠯᠡᠳᠦᠯᠭᠡ ᠶᠢᠨ ᠭᠠᠵᠠᠷ ᠮᠥᠨ᠂ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠠᠬᠢᠭᠤᠯᠬᠤ ᠲᠠᠯ᠎ᠠ ᠪᠠᠷ ᠪᠠᠶᠠᠯᠢᠭ ᠲᠤᠷᠰᠢᠯᠭ᠎ᠠ ᠬᠤᠷᠠᠮᠳᠤᠭᠤᠯᠵᠠᠢ᠃ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠥᠪᠥᠷ ᠮᠣᠩᠭᠤᠯ ᠤᠨ ᠬᠥᠭᠵᠢᠯᠲᠡ ᠶᠢ ᠳᠡᠮᠵᠢᠵᠦ᠂ ᠬᠠᠮᠲᠤ ᠪᠠᠷ ᠴᠢᠷᠮᠠᠶᠢᠵᠤ ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠬᠡᠯᠡᠪᠡ᠃       ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠡᠮᠦᠨ᠎ᠡ ᠠᠴᠠ ᠼᠠᠢ ᠳ᠋ᠠ ᠹᠧᠩ᠂ ᠵᠦ ᠶᠦᠩ ᠰᠢᠨ ᠨᠠᠷ ᠢ ᠪᠠᠶᠠᠷᠯᠠᠨ ᠤᠭᠲᠤᠵᠤ᠂ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠬᠥᠭᠵᠢᠯᠲᠡ ᠶᠢ ᠲᠦᠢᠯ ᠢᠶᠠᠷ ᠬᠠᠯᠠᠮᠵᠢᠯᠠᠵᠤ᠂ ᠥᠪᠥᠷ ᠮᠣᠩᠭᠤᠯ ᠤᠨ ᠠᠵᠢᠯ ᠳᠤ ᠤᠯᠠᠨ ᠤᠳᠠᠭ᠎ᠠ ᠴᠢᠬᠤᠯᠠ ᠵᠢᠭᠠᠪᠤᠷᠢ ᠥᠭᠪᠡ᠃ ᠣᠳᠣᠬᠠᠨ ᠳᠤ᠂ ᠣᠷᠣᠨ ᠳᠠᠶᠠᠭᠠᠷ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠰᠠᠶᠢᠲᠤᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠡᠰᠪᠦᠷᠢ ᠬᠠᠲᠠᠭᠤᠵᠢᠯᠲᠠᠢ ᠲᠡᠮᠡᠴᠡᠨ ᠰᠢᠨ᠎ᠡ ᠵᠠᠮ ᠨᠡᠭᠡᠭᠡᠵᠦ᠂ ᠴᠤᠴᠠᠯᠲᠠ ᠦᠭᠡᠢ ᠤᠷᠤᠭᠰᠢᠯᠠᠵᠤ ᠳᠤᠮᠳᠠ ᠲᠦᠪᠰᠢᠨ ᠳᠤ ᠣᠷᠣᠬᠤ ᠪᠠᠷ ᠴᠢᠷᠮᠠᠶᠢᠵᠤ ᠪᠠᠶᠢᠨ᠎ᠠ᠃ ᠡᠨᠡ ᠵᠢᠯ᠂ ᠪᠢᠳᠡ ︽ᠲᠠᠪᠤᠨ ᠶᠡᠭᠡ ᠡᠭᠦᠷᠭᠡ︾ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ︽ᠵᠢᠷᠭᠤᠭᠠᠨ ᠢᠨᠵᠧᠨᠧᠷᠢᠩ︾ ᠢ ᠭᠤᠣᠯᠳᠠᠯᠭ᠎ᠠ ᠲᠠᠢ ᠪᠠᠶᠢᠷᠢᠯᠠᠭᠤᠯᠵᠤ᠂ ᠡᠯ᠎ᠡ ᠵᠦᠢᠯ ᠤᠨ ᠠᠵᠢᠯ ᠢ ᠶᠠᠭ ᠯᠠᠪᠳᠠᠭᠤᠨ ᠪᠠᠲᠤᠲᠠᠢ ᠬᠦᠴᠦᠲᠡᠢ ᠠᠬᠢᠭᠤᠯᠵᠤ ᠪᠠᠶᠢᠨ᠎ᠠ᠃ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠨᠡᠩ ᠤᠯᠠᠨ ᠬᠠᠯᠠᠮᠵᠢᠯᠠᠯ ᠪᠠ ᠳᠡᠮᠵᠢᠯᠭᠡ ᠦᠵᠡᠭᠦᠯᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠴᠤ᠂ ᠪᠢᠳᠡᠨ ᠢ ᠬᠠᠪᠰᠤᠷᠤᠨ ᠠᠵᠢᠯ ᠢ ᠨᠡᠩ ᠰᠠᠶᠢᠲᠤᠷ ᠬᠢᠬᠦ ᠶᠢ ᠬᠦᠰᠡᠵᠦ ᠪᠠᠶᠢᠨ᠎ᠠ᠃ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠥᠪᠥᠷ ᠮᠣᠩᠭᠤᠯ ᠳᠤ ᠠᠵᠢᠯ ᠥᠷᠨᠢᠭᠦᠯᠬᠦ ᠳᠤ ᠪᠢᠳᠠ ᠯᠠᠪᠲᠠᠢ ᠦᠢᠯᠡᠴᠢᠯᠡᠭᠡ ᠪᠠᠲᠤᠯᠠᠭ᠎ᠠ ᠶᠢ ᠪᠦᠭᠦ ᠬᠦᠴᠦᠨ ᠢᠶᠠᠷ ᠢᠶᠠᠨ ᠰᠠᠶᠢᠲᠤᠷ ᠬᠢᠨ᠎ᠡ ᠭᠡᠵᠦ ᠬᠡᠯᠡᠪᠡ᠃       ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠢᠦᠢ ᠳ᠋ᠦᠩ᠂ ᠸᠠᠩ ᠭᠠᠩ᠂ ᠲᠤᠤ ᠺᠠᠢ ᠶᠤᠸᠠᠨ᠂ ᠬᠤᠸᠠᠩ ᠵᠧᠨ᠂ ᠯᠢ ᠮᠠ ᠯᠢᠨ᠂ ᠯᠢᠦ ᠺᠤᠸᠠᠨ ᠷᠧᠨ᠂ ᠾᠧ ᡁᠢ ᠮᠢᠨ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠦᠦᠳᠠᠭᠤᠯᠠ᠂ ᠢᠦᠢ ᠯᠢ ᠰᠢᠨ᠂ ᠵᠠᠩ ᠱᠤᠤ ᠴᠦᠨ᠂ ᠰᠦᠨ ᠵᠢᠶᠦ᠋ᠨ ᠴᠢᠩ ᠣᠷᠣᠯᠴᠠᠵᠠᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ