ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠣᠯᠠᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ︵ᠺᠦᠩᠽᠢ ᠳᠡᠭᠡᠳᠦ ᠰᠤᠷᠭᠠᠭᠤᠯᠢ︶ ᠤᠨ ᠠᠵᠢᠯ ᠤᠨ ᠬᠤᠯᠪᠣᠭ᠎ᠠ ᠶᠢ ᠪᠠᠶᠢᠭᠤᠯᠬᠤ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2024/6/24
       6 ᠳ᠋ᠤᠭᠠᠷ ᠰᠠᠷ᠎ᠠ ᠶᠢᠨ 5-6 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠤᠨ ᠬᠠᠮᠵᠢᠯᠴᠠᠭᠠᠨ ᠤ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠬᠤ ᠬᠤᠷᠠᠯ ᠪᠣᠯᠤᠨ ᠶᠡᠭᠡ ᠳᠡᠭᠡᠳᠦ ᠰᠤᠷᠭᠠᠭᠤᠯᠢ ᠶᠢᠨ ᠣᠯᠠᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠤᠨ ᠰᠣᠯᠢᠯᠴᠠᠭᠠᠨ ᠤ ᠰᠤᠳᠤᠯᠤᠨ ᠶᠠᠷᠢᠯᠴᠠᠬᠤ ᠬᠤᠷᠠᠯ ᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠬᠤᠷᠠᠯᠳᠤᠭᠤᠯᠪᠠ᠃ ᠬᠤᠷᠠᠯ ᠤᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ︵ᠺᠦᠩᠽᠢ ᠳᠡᠭᠡᠳᠦ ᠰᠤᠷᠭᠠᠭᠤᠯᠢ︶ ᠤᠨ ᠠᠵᠢᠯ ᠤᠨ ᠬᠤᠯᠪᠣᠭ᠎ᠠ ᠶᠢ ᠪᠠᠶᠢᠭᠤᠯᠬᠤ ᠠᠵᠢᠯ ᠢ ᠡᠬᠢᠯᠡᠭᠦᠯᠪᠡ᠃        ᠰᠤᠷᠭᠠᠨ ᠬᠥᠮᠦᠵᠢᠯ ᠤᠨ ᠶᠠᠮᠤᠨ ᠤ ᠳᠤᠮᠳᠠᠳᠤ ᠭᠠᠳᠠᠭᠠᠳᠤ ᠶᠢᠨ ᠦᠭᠡ ᠬᠡᠯᠡᠨ ᠤ ᠰᠣᠯᠢᠯᠴᠠᠭ᠎ᠠ ᠬᠠᠮᠲᠤᠷᠠᠯᠴᠠᠭᠠᠨ ᠤ ᠲᠥᠪ ᠤᠨ ᠲᠥᠷᠥ ᠶᠢᠨ ᠪᠣᠳᠣᠯᠭ᠎ᠠ ᠰᠤᠳᠤᠯᠬᠤ ᠭᠠᠵᠠᠷ ᠤᠨ ᠳᠠᠷᠤᠭ᠎ᠠ ᠯᠢᠦ ᠪᠢᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠸᠠᠩ ᠮᠢᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠵᠠᠩ ᠵᠢᠶᠦ᠋ᠨ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃       ᠬᠤᠷᠠᠯ ᠠᠴᠠ᠂ ᠥᠪᠥᠷ ᠮᠣᠩᠭᠤᠯ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠴᠣᠩᠬᠤᠪᠴᠢ ᠪᠣᠯᠤᠭᠰᠠᠨ ᠤ ᠬᠤᠪᠢ ᠳᠤ᠂ ᠣᠯᠠᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ᠶᠢ ᠤᠯᠠᠮ ᠴᠠᠭᠠᠰᠢᠲᠠ ᠲᠡᠭᠦᠯᠳᠡᠷᠵᠢᠭᠦᠯᠵᠦ᠂ ᠺᠦᠩᠽᠢ ᠳᠡᠭᠡᠳᠦ ᠰᠤᠷᠭᠠᠭᠤᠯᠢ ︵ᠬᠢᠴᠢᠶᠡᠯ︶ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠡᠯᠡᠬᠡᠢ ᠶᠢᠨ ᠨᠥᠯᠥᠭᠡᠯᠡᠬᠦ ᠬᠦᠴᠦᠨ ᠢ ᠥᠷᠭᠡᠳᠬᠡᠬᠦ ᠬᠡᠷᠡᠭᠲᠡᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ︵ᠺᠦᠩᠽᠢ ᠳᠡᠭᠡᠳᠦ ᠰᠤᠷᠭᠠᠭᠤᠯᠢ︶ ᠤᠨ ᠠᠵᠢᠯ ᠤᠨ ᠬᠤᠯᠪᠣᠭ᠎ᠠ ᠪᠠᠶᠢᠭᠤᠯᠤᠭᠳᠠᠭᠰᠠᠨ ᠨᠢ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ ᠶᠢᠨ ᠣᠯᠠᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠦᠷᠭᠦᠯᠵᠢᠯᠡᠨ ᠪᠦᠲᠦᠮᠵᠢᠲᠡᠢ ᠲᠥᠪᠯᠡᠷᠡᠭᠦᠯᠦᠨ ᠨᠡᠶᠢᠳᠬᠡᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ᠂ ᠪᠣᠯᠪᠠᠰᠤᠨ ᠢ ᠲᠤᠯᠢᠳᠠᠬᠤ᠂ ᠴᠢᠳᠠᠪᠤᠷᠢᠲᠠᠨ ᠢ ᠬᠥᠮᠦᠵᠢᠭᠦᠯᠬᠦ᠂ ᠡᠷᠳᠡᠮ ᠰᠢᠨᠵᠢᠯᠡᠭᠡᠨ ᠵᠡᠷᠭᠡ ᠬᠦᠷᠢᠶᠡᠨ ᠳᠤ ᠣᠯᠠᠨ ᠡᠰᠢᠵᠢᠭᠦᠯᠦᠭᠰᠡᠨ ᠪᠦᠲᠦᠮᠵᠢᠲᠡᠢ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠪᠠ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠳᠡᠭᠡᠷ᠎ᠡ᠂ ᠳ᠋ᠠᠯᠢᠶᠠᠨ ᠭᠠᠳᠠᠭᠠᠳᠤ ᠬᠡᠯᠡᠨ ᠤ ᠶᠡᠭᠡ ᠰᠤᠷᠭᠠᠭᠤᠯᠢ᠂ ᠪᠡᠭᠡᠵᠢᠩ ᠭᠠᠳᠠᠭᠠᠳᠤ ᠬᠡᠯᠡᠨ ᠤ ᠶᠡᠭᠡ ᠰᠤᠷᠭᠠᠭᠤᠯᠢ᠂ ᠵᠧᠵᠢᠶᠠᠩ ᠪᠠᠭᠰᠢ ᠶᠢᠨ ᠶᠡᠭᠡ ᠰᠤᠷᠭᠠᠭᠤᠯᠢ᠂ ᠲᠢᠶᠠᠨᠵᠢᠨ ᠪᠠᠭᠰᠢ ᠶᠢᠨ ᠶᠡᠭᠡ ᠰᠤᠷᠭᠠᠭᠤᠯᠢ ᠵᠡᠷᠭᠡ ᠰᠤᠷᠭᠠᠭᠤᠯᠢ ᠶᠢᠨ 5 ᠲᠤᠰᠬᠠᠢ ᠮᠡᠷᠭᠡᠵᠢᠯᠲᠡᠨ ᠲᠤᠰ ᠲᠤᠰ ᠶᠡᠭᠡ ᠳᠡᠭᠡᠳᠦ ᠰᠤᠷᠭᠠᠭᠤᠯᠢ ᠶᠢᠨ ᠣᠯᠠᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ᠂ ᠣᠯᠠᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠵᠡᠷᠭᠡ ᠭᠤᠣᠯ ᠰᠡᠳᠦᠪ ᠤᠨ ᠲᠣᠭᠤᠷᠢᠨ ᠳᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠬᠢᠵᠡᠢ᠃       ᠡᠨᠡ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠵᠢᠯᠣᠭᠤᠳᠴᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠠᠴᠠ ᠭᠤᠣᠯᠯᠠᠨ ᠡᠷᠬᠢᠯᠡᠵᠦ᠂ ᠪᠦᠬᠦ ᠣᠷᠣᠨ ᠤ 36 ᠳᠡᠭᠡᠳᠦ ᠰᠤᠷᠭᠠᠭᠤᠯᠢ᠂ 14 ᠳᠤᠮᠳᠠᠳᠤ ᠪᠠᠭ᠎ᠠ ᠰᠤᠷᠭᠠᠭᠤᠯᠢ ᠶᠢᠨ ᠲᠥᠯᠥᠭᠡᠯᠡᠭᠴᠢ ᠬᠤᠷᠠᠯ ᠳᠤ ᠣᠷᠣᠯᠴᠠᠵᠠᠢ᠃     
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ