6 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠢ ᠡᠷᠭᠢᠯᠡᠨ | ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ | ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ 28 ᠵᠦᠢᠯ ᠤᠨ ᠭᠤᠣᠯᠳᠠᠯᠭ᠎ᠠ ᠲᠠᠢ | ᠡᠭᠦᠷᠭᠡ ᠶᠢ ᠰᠠᠶᠢᠲᠤᠷ ᠠᠳᠬᠤᠵᠤ᠂ ᠠᠷᠭ᠎ᠠ ᠬᠡᠮᠵᠢᠶ᠎ᠡ ᠶᠢ ᠪᠣᠳᠠᠲᠠᠢ ᠶᠠᠪᠤᠳᠠᠯ ᠳᠤ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠢ ᠬᠥᠮᠥᠨ ᠳᠤ ᠳᠠᠭᠠᠭᠠᠯᠭᠠᠵᠤ᠂ | ᠪᠠᠲᠤᠯᠠᠭ᠎ᠠ ᠶᠢ ᠭᠦᠢᠴᠡᠳ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠪᠣᠯᠣᠨ ᠤᠯᠤᠰ ᠤᠨ ᠠᠭᠤᠷᠬᠠᠢ ᠶᠢᠨ | ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠰᠣᠨᠣᠰᠴᠤ᠂ ᠴᠢᠩᠭ᠎ᠠ ᠠᠴᠠ ᠴᠢᠩᠭ᠎ᠠ ᠴᠡᠭᠴᠡᠯᠡᠨ ᠰᠠᠶᠢᠵᠢᠷᠠᠭᠤᠯᠵᠤ᠂ ᠪᠡᠶᠡᠯᠡᠭᠦᠯᠦᠭᠰᠡᠨ ᠢ ᠨᠢ ︽ᠡᠷᠭᠢᠨ | ᠬᠠᠷᠠᠵᠤ︾᠂ ᠪᠡᠶᠡᠯᠡᠭᠦᠯᠵᠦ ᠳᠡᠶᠢᠯᠦᠭᠡᠳᠦᠢ ᠨᠢ ᠲᠣᠭᠲᠠᠭᠰᠠᠨ ᠬᠤᠭᠤᠴᠠᠭᠠᠨ ᠳᠤ ᠲᠠᠩᠰᠠ ᠲᠤᠰᠢᠶᠠᠵᠤ᠂ ᠶᠠᠭᠠᠬᠢᠭᠰᠠᠨ ᠴᠤ ᠬᠠᠰᠢ ᠶᠠᠰᠢ ᠪᠠᠷ ᠥᠩᠭᠡᠷᠡᠭᠦᠯᠵᠦ | ᠪᠤᠯᠬᠤ ᠦᠭᠡᠢ᠃ ᠨᠢᠭᠡ ᠠᠴᠠ ᠨᠥᠭᠦᠭᠡ ᠶᠢ ᠵᠦᠢᠴᠢᠯᠡᠨ ᠮᠡᠳᠡᠬᠦ ᠶᠢ ᠴᠢᠩᠭᠠᠳᠬᠠᠵᠤ᠂ ᠣᠨᠳᠣᠣ ᠭᠠᠵᠠᠷ ᠲᠤ ᠬᠠᠤᠯᠢ ᠬᠡᠷᠡᠭᠵᠢᠭᠦᠯᠬᠦ ᠶᠢ ᠪᠠᠶᠢᠩᠭᠤ ᠥᠷᠨᠢᠭᠦᠯᠵᠦ᠂ | ᠠᠵᠢᠯ ᠬᠤᠪᠢᠶᠠᠨ ᠬᠠᠷᠢᠭᠤᠴᠠᠵᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠬᠡᠷᠡᠭᠲᠡᠢ᠃ ᠴᠢᠳᠠᠪᠤᠷᠢ ᠪᠠᠨ ᠳᠡᠭᠡᠭᠰᠢᠯᠡᠭᠦᠯᠵᠦ᠂ ᠠᠵᠤ | ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠯ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠵᠤ᠂ ᠦᠨᠡᠨ | ᠬᠦ ᠪᠣᠯᠪᠠᠰᠤᠷᠠᠵᠤ᠂ ᠦᠨᠡᠨ ᠬᠦ ᠪᠠᠴᠢᠮ ᠪᠠᠶᠢᠳᠠᠯ ᠢ ᠠᠷᠭᠠᠴᠠᠭᠠᠬᠤ ᠶᠢ ᠪᠡᠶᠡᠯᠡᠭᠦᠯᠬᠦ ᠬᠡᠷᠡᠭᠲᠡᠢ᠃ ᠭᠡᠮ ᠰᠣᠭᠤᠭ ᠢ ᠪᠠᠶᠢᠴᠠᠭᠠᠬᠤ ᠠᠵᠢᠯ ᠢ ᠭᠡᠳᠡᠷᠭᠦ ᠪᠠᠶᠢᠴᠠᠭᠠᠬᠤ | ᠲᠤᠰᠬᠠᠢ ᠠᠵᠢᠯᠯᠠᠭ᠎ᠠ ᠶᠢ ᠨᠢᠭᠡ ᠤᠳᠠᠭ᠎ᠠ ᠥᠷᠨᠢᠭᠦᠯᠵᠦ᠂ ᠭᠡᠮ ᠰᠣᠭᠤᠭ ᠢ ᠢᠯᠡᠷᠡᠭᠦᠯᠵᠦ ᠳᠡᠶᠢᠯᠦᠭᠰᠡᠨ ᠦᠭᠡᠢ᠂ ᠭᠡᠮ ᠰᠣᠭᠤᠭ ᠢ ᠢᠯᠡᠷᠡᠭᠦᠯᠦᠭᠰᠡᠨ ᠪᠠᠶᠢᠲᠠᠯ᠎ᠠ ᠪᠠᠨ | ᠮᠡᠳᠡᠭᠦᠯᠦᠭᠰᠡᠨ ᠦᠭᠡᠢ ᠵᠡᠷᠭᠡ ᠠᠰᠠᠭᠤᠳᠠᠯ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ ᠪᠦᠭᠦ ᠤᠯᠤᠰ ᠤᠨ ᠣᠶ ᠰᠢᠭᠤᠢ ᠨᠤᠲᠤᠭ ᠪᠡᠯᠴᠢᠭᠡᠷ ᠤᠨ ᠰᠢᠰᠲ᠋ᠧᠮ ᠤᠨ ᠬᠢᠨᠠᠨ ᠪᠣᠳᠣᠯᠲᠠ ᠶᠢ ᠲᠤᠰᠬᠠᠢ ᠴᠡᠭᠴᠡᠯᠡᠨ ᠰᠠᠶᠢᠵᠢᠷᠠᠭᠤᠯᠬᠤ | ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠣᠷᠣᠨ ᠤ ᠴᠡᠭᠴᠡᠯᠡᠨ ᠰᠠᠶᠢᠵᠢᠷᠠᠭᠤᠯᠬᠤ ᠲᠥᠰᠥᠯ ᠢ ᠬᠢᠨᠠᠨ ᠵᠥᠪᠯᠡᠵᠦ ᠪᠠᠲᠤᠯᠠᠨ᠂ ᠤᠯᠤᠰ | ᠲᠥᠷᠥ ᠶᠢ ᠡᠷᠭᠢᠮᠯᠡᠭᠦ ᠥᠨᠳᠥᠷᠴᠡ ᠠᠴᠠ ᠬᠠᠷᠢᠭᠤ ᠲᠤᠰᠬᠠᠭᠰᠠᠨ ᠰᠠᠨᠠᠯ ᠢ ᠴᠢᠩ ᠦᠨᠡᠨᠴᠢ ᠪᠠᠷ ᠭᠥᠯᠢᠶᠡᠨ ᠠᠪᠴᠤ᠂ ᠦᠵᠡᠯ ᠰᠠᠨᠠᠭᠠᠨ ᠤ ᠲᠠᠯ᠎ᠠ ᠠᠴᠠ ᠦᠨᠳᠦᠰᠦ | ᠰᠤᠷᠪᠤᠯᠵᠢ ᠶᠢ ᠡᠷᠢᠵᠦ᠂ ᠠᠵᠢᠯ ᠤᠨ ᠲᠠᠯ᠎ᠠ ᠠᠴᠠ ᠵᠥᠷᠢᠶ᠎ᠡ ᠪᠠᠨ ᠡᠷᠢᠵᠦ᠂ ᠨᠠᠷᠢᠨ ᠬᠢᠨᠠᠮᠠᠭᠠᠢ᠂ ᠨᠣᠮᠣᠬᠠᠨ ᠰᠢᠳᠤᠷᠭᠤ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ | ᠲᠠᠩᠰᠠ ᠲᠤᠰᠢᠶᠠᠬᠤ ᠰᠢᠯᠭᠠᠯᠲᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ ᠳᠡᠶᠢᠯᠭᠦ ᠶᠢ ᠨᠢ ᠱᠠᠯᠠᠪᠳᠠᠨ | ᠴᠡᠭᠴᠡᠯᠡᠨ ᠰᠠᠶᠢᠵᠢᠷᠠᠭᠤᠯᠵᠤ᠂ ᠦᠷᠭᠦᠯᠵᠢᠳᠡ ᠠᠬᠢᠭᠤᠯᠵᠤ ᠪᠠᠶᠢᠭ᠎ᠠ ᠶᠢ ᠨᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ ᠳᠠᠭᠤᠰᠬᠠᠬᠤ ᠬᠡᠷᠡᠭᠲᠡᠢ᠃ | ᠬᠢᠨᠠᠨ ᠪᠣᠳᠣᠯᠲᠠ ᠶᠢ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠭᠢᠶᠠᠯ ᠪᠤᠯᠭᠠᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠨᠠᠷᠢᠯᠢᠭ | ᠬᠠᠮᠢᠶᠠᠷᠤᠯᠲᠠ ᠶᠢ ᠴᠢᠩᠭᠠᠳᠬᠠᠵᠤ᠂ ᠦᠩᠭᠡᠨ ᠲᠠᠯ᠎ᠠ ᠶᠢ ᠵᠠᠰᠠᠬᠤ ᠮᠥᠷᠲᠡᠭᠡᠨ ᠦᠨᠳᠦᠰᠦ ᠰᠤᠷᠪᠤᠯᠵᠢ ᠠᠴᠠ ᠨᠢ ᠴᠤ ᠵᠠᠰᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠠᠪᠤᠷᠠᠨ ᠡᠮᠨᠡᠬᠦ ᠰᠢᠰᠲ᠋ᠧᠮ ᠪᠣᠯᠣᠨ ᠪᠠᠴᠢᠮ ᠪᠠᠶᠢᠳᠠᠯ ᠢ ᠠᠷᠭᠠᠴᠠᠭᠠᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ ᠢ ᠬᠢᠨᠠᠨ ᠵᠥᠪᠯᠡᠵᠦ ᠪᠠᠲᠤᠯᠠᠨ᠂ ᠡᠮᠴᠢᠯᠡᠭᠡᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠮᠴᠢᠯᠡᠭᠡᠨ ᠤ | ᠦᠢᠯᠡᠴᠢᠯᠡᠭᠡ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠯᠠᠨ ᠲᠦᠮᠡᠨ ᠤ ︽ᠡᠪᠡᠳᠴᠢᠨ ᠦᠵᠡᠭᠦᠯᠭᠦ ᠳᠤ ᠬᠦᠴᠢᠷᠲᠡᠢ᠂ ᠡᠪᠡᠳᠴᠢᠨ | ᠦᠵᠡᠭᠦᠯᠭᠦ ᠳᠤ ᠦᠨᠡᠲᠡᠢ︾ ᠪᠠᠶᠢᠬᠤ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |