ᠪᠦᠬᠦ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠥᠯ ᠪᠥᠮᠪᠦᠭᠡ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡᠨ ᠤ ᠤᠷᠤᠯᠳᠤᠭᠠᠨ ︵ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ︶ ᠡᠬᠢᠯᠡᠪᠡ
ᠨᠡᠶᠢᠲᠡᠯᠡᠭᠰᠡᠨ ᠴᠠᠭ᠄
2024/6/24
       6 ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠥᠯ ᠪᠥᠮᠪᠦᠭᠡ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡᠨ ᠤ ᠤᠷᠤᠯᠳᠤᠭᠠᠨ ︵ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ︶ ᠤᠯᠠᠭᠠᠨᠴᠠᠪ ᠬᠤᠲᠠ ᠳᠤ ᠬᠥᠭᠵᠢᠶᠡᠨᠲᠡᠢ ᠡᠬᠢᠯᠡᠵᠦ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠰᠤᠷᠤᠭᠴᠢ ᠲᠠᠮᠢᠷᠴᠢᠳ ᠠᠳᠡ ᠬᠤᠷᠠᠨ ᠴᠤᠭᠯᠠᠷᠠᠵᠤ᠂ ᠬᠤᠷᠴᠠ ᠰᠢᠷᠦᠭᠦᠨ ᠮᠥᠷᠦ᠋ᠢᠴᠡᠯᠳᠦᠪᠡ᠃        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠤᠷᠤᠯᠳᠤᠭᠠᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠤᠷᠤᠯᠳᠤᠭᠠᠨ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠬᠥᠯ ᠪᠥᠮᠪᠦᠭᠡ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡᠨ ᠤ ᠤᠷᠤᠯᠳᠤᠭᠠᠨ ᠳᠤ 12 ᠠᠶᠢᠮᠠᠭ ᠬᠤᠲᠠ ᠶᠢᠨ 1000 ᠭᠠᠷᠤᠢ ᠲᠠᠮᠢᠷᠴᠢᠨ ᠣᠷᠣᠯᠴᠠᠵᠤ᠂ 6-7 ᠡᠳᠦᠷ ᠶᠠᠪᠤᠭᠳᠠᠭᠤᠯᠪᠠ᠃ ᠡᠭᠦᠨ ᠳᠤ᠂ ᠬᠥᠯ ᠪᠥᠮᠪᠦᠭᠡᠨ ᠤ ᠤᠷᠤᠯᠳᠤᠭᠠᠨ ᠤᠯᠠᠭᠠᠨᠴᠠᠪ ᠬᠤᠲᠠ ᠶᠢᠨ ᠵᠢᠨᠢᠩ ᠨᠢᠭᠡᠳᠦᠭᠡᠷ ᠳᠤᠮᠳᠠᠳᠤ ᠰᠤᠷᠭᠠᠭᠤᠯᠢ ︵ᠢᠦᠢ ᠱᠣ᠋ ᠸᠠᠨ ᠰᠤᠷᠭᠠᠭᠤᠯᠢ ᠶᠢᠨ ᠲᠣᠭᠤᠷᠢᠭ︶᠂ ᠤᠯᠠᠭᠠᠨᠴᠠᠪ ᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠤᠷᠤᠯᠳᠤᠭᠠᠨ ᠤ ᠲᠠᠯᠠᠪᠠᠢ ᠳᠤ ᠲᠤᠰ ᠲᠤᠰ ᠶᠠᠪᠤᠭᠳᠠᠵᠤ᠂ ᠰᠠᠭᠰᠤᠨ ᠪᠥᠮᠪᠦᠭᠡᠨ ᠤ ᠤᠷᠤᠯᠳᠤᠭᠠᠨ ᠤᠯᠠᠭᠠᠨᠴᠠᠪ ᠬᠤᠲᠠ ᠶᠢᠨ ᠪᠡᠶ᠎ᠡ ᠶᠢᠨ ᠲᠠᠮᠢᠷ ᠤᠨ ᠣᠷᠳᠣᠨ ᠳᠤ ᠶᠠᠪᠤᠭᠳᠠᠨ᠂ ᠠᠯᠠᠭᠠᠳᠠᠬᠤ ᠪᠥᠮᠪᠦᠭᠡᠨ ᠤ ᠤᠷᠤᠯᠳᠤᠭᠠᠨ ᠤᠯᠠᠭᠠᠨᠴᠠᠪ ᠬᠤᠲᠠ ᠶᠢᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠰᠢᠷᠦᠭᠦᠨ ᠮᠥᠷᠦ᠋ᠢᠴᠡᠯᠳᠦᠵᠦ᠂ ᠡᠯ᠎ᠡ ᠲᠥᠷᠥᠯ ᠤᠨ ᠤᠷᠤᠯᠳᠤᠭᠠᠨ ᠢ ᠱᠠᠲᠤ ᠳᠠᠷᠠᠭᠠᠯᠠᠨ ᠥᠷᠨᠢᠭᠦᠯᠦᠭᠰᠡᠨ ᠨᠢ ᠲᠠᠮᠢᠷᠴᠢᠳ ᠲᠤ ᠰᠤᠷᠤᠯᠴᠠᠵᠤ ᠰᠣᠯᠢᠯᠴᠠᠬᠤ ᠪᠠ ᠳᠠᠪᠠᠭᠤᠯᠢᠭ ᠢᠶᠠᠨ ᠪᠠᠳᠠᠷᠠᠭᠤᠯᠬᠤ ᠤᠷᠤᠯᠳᠤᠭᠠᠨ ᠤ ᠲᠠᠪᠴᠠᠩ ᠢ ᠬᠠᠩᠭᠠᠪᠠ᠃       ᠡᠨᠡ ᠤᠳᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠤᠷᠤᠯᠳᠤᠭᠠᠨ ᠠᠮᠵᠢᠯᠲᠠᠲᠠᠢ ᠡᠬᠢᠯᠡᠵᠦ᠂ ᠳᠠᠷᠠᠭᠠᠴᠢ ᠶᠢᠨ ᠤᠷᠤᠯᠳᠤᠭᠠᠨ ᠤ ᠡᠳᠦᠷ ᠤᠳ ᠲᠤ᠂ ᠲᠠᠮᠢᠷᠴᠢᠳ ᠡᠷᠡᠮᠡᠬᠡᠶᠢᠯᠡᠨ ᠲᠡᠮᠡᠴᠡᠵᠦ᠂ ᠥᠪᠡᠷ ᠢ ᠪᠠᠨ ᠳᠠᠪᠠᠵᠤ᠂ ᠤᠷᠤᠯᠳᠤᠭᠠᠨ ᠳᠤ ᠨᠡᠩ ᠣᠯᠠᠨ ᠵᠠᠯᠠᠭᠤ ᠨᠠᠰᠤᠨ ᠤ ᠭᠤᠶᠢᠳᠠ ᠰᠠᠶᠢᠬᠠᠨ ᠢ ᠨᠡᠮᠡᠷᠢᠯᠡᠨ᠎ᠡ᠃    
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ