ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2024 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠵᠤᠨ ᠤ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠤᠷᠢᠬᠤ ᠴᠤᠭᠯᠠᠭᠠᠨ ᠢ ᠡᠷᠭᠢᠯᠡᠪᠡ
ᠨᠡᠶᠢᠲᠡᠯᠡᠭᠰᠡᠨ ᠴᠠᠭ᠄
2024/6/24
       ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠵᠠᠩᠭᠢᠯᠠᠭ᠎ᠠ ᠶᠢᠨ ᠬᠤᠭᠤᠴᠠᠭ᠎ᠠ ᠶᠢ ᠴᠢᠩᠭ᠎ᠠ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷᠯᠢᠭ ᠭᠦᠢᠴᠡᠳ ᠠᠵᠢᠯ ᠣᠯᠭᠤᠯᠲᠠ ᠶᠢ ᠪᠦᠬᠦ ᠬᠦᠴᠦᠨ ᠢᠶᠠᠷ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠵᠤᠨ ᠤ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠤᠷᠢᠬᠤ ᠴᠤᠭᠯᠠᠭᠠᠨ ᠢ ᠡᠷᠬᠢᠯᠡᠪᠡ᠃        ᠡᠨᠡ ᠤᠳᠠᠭᠠᠨ ᠤ ᠠᠵᠢᠯᠲᠠᠨ ᠤᠷᠢᠬᠤ ᠴᠤᠭᠯᠠᠭᠠᠨ ᠳᠤ ᠣᠷᠣᠨ ᠤ ᠳᠣᠲᠤᠨ᠎ᠠ ᠭᠠᠳᠠᠨᠠᠬᠢ 69 ᠠᠵᠤ ᠠᠬᠤᠶᠢᠯᠠᠯ ᠪᠠ ᠠᠵᠢᠯ ᠦᠢᠯᠡᠰ ᠤᠨ ᠨᠢᠭᠡᠴᠢ ᠣᠷᠣᠯᠴᠠᠵᠤ᠂ 268 ᠠᠵᠢᠯ ᠤᠨ ᠪᠠᠶᠢᠷᠢ ᠬᠠᠩᠭᠠᠵᠤ᠂ ᠠᠮᠢᠳᠤ ᠪᠣᠳᠠᠰ ᠤᠨ ᠡᠮ ᠡᠮᠨᠡᠯᠭᠡ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠣᠶᠤᠨᠴᠢ ᠦᠢᠯᠡᠳᠬᠡᠯ᠂ ᠮᠠᠰᠢᠨ ᠮᠧᠬᠠᠨᠢᠭ ᠦᠢᠯᠡᠳᠬᠦ᠂ ᠵᠥᠭᠡᠯᠡᠨ ᠬᠠᠲᠠᠭᠤ ᠲᠣᠨᠤᠭ ᠤᠨ ᠵᠢᠷᠤᠭ ᠲᠥᠯᠥᠪᠯᠡᠭᠡ᠂ ᠰᠢᠨ᠎ᠡ ᠡᠨᠧᠷᠭᠢ ᠵᠡᠷᠭᠡ 10 ᠭᠠᠷᠤᠢ ᠠᠵᠢᠯ ᠲᠥᠷᠥᠯ ᠢ ᠬᠠᠮᠤᠷᠤᠨ᠂ ᠬᠥᠮᠦᠨ ᠬᠡᠷᠡᠭᠰᠡᠬᠦ ᠠᠵᠢᠯ ᠤᠨ ᠪᠠᠶᠢᠷᠢ 1932 ᠬᠥᠮᠦᠨ ᠳᠤ ᠬᠦᠷᠦᠨ᠂ ᠬᠤᠷᠠᠯ ᠳᠤ ᠣᠷᠣᠯᠴᠠᠭᠰᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠣᠯᠠᠨ ᠡᠰᠢᠵᠢᠭᠦᠯᠦᠭᠰᠡᠨ ᠠᠵᠢᠯ ᠣᠯᠭᠤᠯᠲᠠ ᠶᠢᠨ ᠰᠣᠩᠭᠤᠯᠲᠠ ᠶᠢ ᠬᠠᠩᠭᠠᠪᠠ᠃ ᠡᠨᠡ ᠤᠳᠠᠭ᠎ᠠ 2024 ᠣᠨ ᠤ 500 ᠭᠠᠷᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠬᠤᠷᠠᠯ ᠳᠤ ᠣᠷᠣᠯᠴᠠᠵᠤ᠂ ᠠᠬᠤᠢ ᠲᠠᠯᠠᠪᠠᠢ ᠳᠤ 675 ᠬᠤᠪᠢ ᠲᠣᠪᠴᠢ ᠨᠠᠮᠲᠠᠷ ᠢ ᠬᠦᠷᠭᠡᠨ᠂ ᠭᠡᠷ᠎ᠡ ᠳᠣᠭᠲᠠᠬᠤ ᠰᠠᠨᠠᠮᠵᠢ ᠶᠢᠨ ᠪᠢᠴᠢᠭ ᠠᠩᠬ᠎ᠠ ᠠᠯᠬᠤᠮ 102 ᠬᠥᠮᠦᠨ ᠳᠤ ᠬᠦᠷᠦᠭᠰᠡᠨ ᠤ ᠬᠠᠮᠲᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡᠨ ᠤ ᠥᠷᠲᠡᠭᠡ ᠶᠢ ᠵᠡᠷᠭᠡ ᠪᠠᠷ ᠪᠠᠶᠢᠭᠤᠯᠤᠨ᠂ ᠠᠵᠢᠯᠲᠠᠨ ᠤᠷᠢᠬᠤ ᠴᠤᠭᠯᠠᠭᠠᠨ ᠳᠤ ᠣᠷᠣᠯᠴᠠᠭᠰᠠᠨ ᠲᠡᠭᠦᠰᠦᠭᠰᠡᠳ ᠲᠤ ᠲᠥᠷᠥ ᠶᠢᠨ ᠪᠣᠳᠣᠯᠭ᠎ᠠ ᠶᠢᠨ ᠵᠦᠪᠯᠡᠯᠭᠡ ᠥᠭᠬᠦ᠂ ᠠᠵᠢᠯ ᠣᠯᠭᠤᠯᠲᠠ ᠶᠢ ᠵᠢᠯᠣᠭᠤᠳᠬᠤ ᠵᠢᠴᠢ ᠠᠵᠢᠯ ᠮᠡᠷᠭᠡᠵᠢᠯ ᠤᠨ ᠵᠥᠪᠯᠡᠯᠭᠡ ᠥᠭᠬᠦ ᠵᠡᠷᠭᠡ ᠦᠢᠯᠡᠴᠢᠯᠡᠭᠡ ᠬᠠᠩᠭᠠᠪᠠ᠃       ᠡᠨᠡ ᠤᠳᠠᠭᠠᠨ ᠤ ᠠᠵᠢᠯᠲᠠᠨ ᠤᠷᠢᠬᠤ ᠴᠤᠭᠯᠠᠭᠠᠨ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠶᠡᠭᠡ ᠰᠤᠷᠭᠠᠭᠤᠯᠢ ᠳᠠᠭᠠᠭᠠᠴᠢᠯᠠᠨ ᠡᠷᠬᠢᠯᠡᠪᠡ᠃    
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ