︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠢ ᠮᠡᠷᠭᠡᠵᠢᠯᠲᠡᠨ ᠤ ᠬᠥᠮᠥᠷᠭᠡ ᠪᠠ ᠲᠤᠰᠬᠠᠢ ᠮᠡᠷᠭᠡᠵᠢᠯᠲᠡᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/6/24

ᠦᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

                     ᠥᠪᠣᠷ ᠵᠠᠰᠠᠭ ᠠᠯᠪᠠᠨ ᠲᠠᠷᠬᠠᠭᠠᠭᠰᠠᠨ ︹2024 ︺ 2 ᠳ᠋ᠤᠭᠠᠷ ᠲᠤᠭᠠᠲᠦ

                     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠳᠠᠭᠠᠭᠠᠴᠢᠯᠠᠯᠲᠠ

                           ᠬᠢᠨᠠᠨ ᠦᠨᠡᠯᠡᠬᠦ ᠲᠤᠰᠬᠠᠢ ᠮᠡᠷᠭᠡᠵᠢᠯᠲᠡᠨ ᠤ ᠬᠥᠮᠥᠷᠭᠡ ᠪᠠ ᠲᠤᠰᠬᠠᠢ ᠮᠡᠷᠭᠡᠵᠢᠯᠲᠡᠨ ᠤ

                             ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ

                               ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ

                                 ᠣᠷᠣᠨ ᠤ ᠠᠷᠠᠳ ᠤᠨ ᠵᠠᠰᠠᠭ ᠤᠨ ᠣᠷᠳᠣᠨ ᠤ

                                   ᠠᠯᠪᠠᠨ ᠲᠢᠩᠬᠢᠮ ᠤᠨ ᠮᠡᠳᠡᠭᠳᠡᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂

ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

       ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠢ ᠮᠡᠷᠭᠡᠵᠢᠯᠲᠡᠨ ᠤ

ᠬᠥᠮᠥᠷᠭᠡ ᠪᠠ ᠲᠤᠰᠬᠠᠢ ᠮᠡᠷᠭᠡᠵᠢᠯᠲᠡᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ

ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃

                                                         2024 ᠣᠨ ᠤ 1 ᠳ᠋ᠦ᠋ᠭᠡᠷ ᠰᠠᠷ᠎ᠠ ᠶᠢᠨ 2 ᠤᠨ ᠡᠳᠦᠷ

       ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

                ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠳᠠᠭᠠᠭᠠᠴᠢᠯᠠᠯᠲᠠ

                   ᠬᠢᠨᠠᠨ ᠦᠨᠡᠯᠡᠬᠦ ᠲᠤᠰᠬᠠᠢ ᠮᠡᠷᠭᠡᠵᠢᠯᠲᠡᠨ ᠤ ᠬᠥᠮᠥᠷᠭᠡ ᠪᠠ ᠲᠤᠰᠬᠠᠢ ᠮᠡᠷᠭᠡᠵᠢᠯᠲᠡᠨ ᠤ

                      ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶

       ᠨᠢᠭᠡᠳᠦᠭᠡᠷ ᠪᠦᠯᠦᠭ ᠶᠡᠷᠦᠩᠬᠡᠢ ᠳᠦᠷᠢᠮ

       ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠳᠠᠭᠠᠭᠠᠴᠢᠯᠠᠯᠲᠠ ᠬᠢᠨᠠᠨ ᠦᠨᠡᠯᠡᠬᠦ

ᠬᠠᠮᠢᠶᠠᠷᠤᠯᠲᠠ ᠶᠢ ᠴᠢᠩᠭᠠᠳᠬᠠᠵᠤ᠂ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠢ ᠮᠡᠷᠭᠡᠵᠢᠯᠲᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠳᠠᠭᠠᠭᠠᠴᠢᠯᠠᠯᠲᠠ

ᠬᠢᠨᠠᠨ ᠦᠨᠡᠯᠡᠬᠦ ᠠᠵᠢᠯ ᠤᠨ ᠴᠢᠨᠠᠷ ᠢ ᠳᠡᠭᠡᠭᠰᠢᠯᠡᠭᠦᠯᠵᠦ᠂ ᠳᠠᠭᠠᠭᠠᠴᠢᠯᠠᠯᠲᠠ ᠬᠢᠨᠠᠨ ᠦᠨᠡᠯᠡᠬᠦ ᠠᠵᠢᠯᠯᠠᠭᠠᠨ ᠤ ᠡᠷᠬᠡ ᠲᠡᠭᠰᠢ ᠲᠥᠪ ᠭᠤᠣᠯᠴᠢ ᠪᠠᠶᠢᠬᠤ ᠶᠢ

ᠪᠠᠲᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ︾᠂ ︽

ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ

ᠤᠯᠤᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ ᠶᠢ ᠬᠡᠷᠡᠭᠵᠢᠭᠦᠯᠬᠦ ᠳᠦᠷᠢᠮ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ

ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢ ᠬᠡᠷᠡᠭᠵᠢᠭᠦᠯᠬᠦ ᠳᠦᠷᠢᠮ︾ ᠵᠡᠷᠭᠡ ᠬᠠᠤᠯᠢ ᠴᠠᠭᠠᠵᠠ ᠬᠠᠥᠯᠢ ᠲᠣᠭᠲᠠᠭᠠᠯ ᠢ ᠦᠨᠳᠦᠰᠦᠯᠡᠨ᠂

ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃

       ᠬᠤᠶᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠢ

ᠮᠡᠷᠭᠡᠵᠢᠯᠲᠡᠨ ᠤ ᠬᠥᠮᠥᠷᠭᠡ ︵ᠳᠣᠷᠣᠭᠰᠢ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠬᠥᠮᠥᠷᠭᠡ ᠭᠡᠵᠦ ᠲᠣᠪᠴᠢᠯᠠᠨ᠎ᠠ︶ ᠭᠡᠳᠡᠭ ᠨᠢ ᠥᠪᠡᠷᠲᠡᠭᠡᠨ

ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠥᠯᠢ ᠶᠣᠰᠣᠭᠠᠷ ᠪᠠᠶᠢᠭᠤᠯᠤᠭᠰᠠᠨ ᠭᠠᠵᠠᠷ ᠣᠷᠣᠨ ᠠᠵᠢᠯ ᠲᠥᠷᠥᠯ ᠠᠯᠤᠰᠯᠠᠭᠰᠠᠨ᠂ ᠪᠥᠬᠦ ᠣᠷᠣᠨ ᠤ

ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠳᠠᠭᠠᠭᠠᠴᠢᠯᠠᠯᠲᠠ ᠬᠢᠨᠠᠨ ᠦᠨᠡᠯᠡᠬᠦ ᠦᠢᠯᠡᠴᠢᠯᠡᠭᠡ ᠬᠠᠩᠭᠠᠬᠤ ᠶᠡᠷᠦᠩᠬᠡᠶᠢᠯᠡᠭᠰᠡᠨ ᠴᠢᠨᠠᠷᠲᠠᠢ

ᠲᠤᠰᠬᠠᠢ ᠮᠡᠷᠭᠡᠵᠢᠯᠲᠡᠨ ᠤ ᠬᠥᠮᠥᠷᠭᠡ ᠶᠢ ᠵᠢᠭᠠᠵᠤ ᠪᠣᠢ᠃

       ᠲᠣᠰ ᠠᠷᠭ᠎ᠠ ᠳᠤ ᠬᠡᠯᠡᠵᠦ ᠪᠠᠶᠢᠭ᠎ᠠ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠢ ᠮᠡᠷᠭᠡᠵᠢᠯᠲᠡᠨ ︵ᠳᠣᠷᠣᠭᠰᠢ ᠲᠤᠰᠬᠠᠢ ᠮᠡᠷᠭᠡᠵᠢᠯᠲᠡᠨ ᠭᠡᠵᠦ ᠲᠣᠪᠴᠢᠯᠠᠨ᠎ᠠ

︶ ᠭᠡᠳᠡᠭ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠢᠷᠢ ᠭᠡᠮ ᠤᠨ ᠨᠦᠭᠦᠴᠡᠯ᠂ ᠲᠥᠷᠥᠯ ᠬᠤᠪᠢᠶᠠᠭᠰᠠᠨ ᠪᠠᠷᠢᠮᠵᠢᠶ᠎ᠠ ᠵᠡᠷᠭᠡ ᠬᠤᠯᠪᠣᠭᠳᠠᠯ

ᠪᠦᠬᠦᠢ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠬᠥᠮᠥᠷᠭᠡ ᠳᠤ ᠣᠷᠣᠭᠤᠯᠵᠤ ᠲᠥᠪᠯᠡᠷᠡᠭᠦᠯᠦᠨ ᠨᠢᠭᠡᠳᠦᠯᠲᠡᠢ

ᠬᠠᠮᠢᠶᠠᠷᠴᠤ᠂ ᠳᠠᠭᠠᠭᠠᠴᠢᠯᠠᠯᠲᠠ ᠬᠢᠨᠠᠨ ᠦᠨᠡᠯᠡᠬᠦ ᠠᠵᠢᠯᠯᠠᠭ᠎ᠠ ᠳᠤ ᠲᠤᠰᠠᠭᠠᠷ ᠣᠷᠣᠯᠴᠠᠬᠤ ᠲᠤᠰᠬᠠᠢ ᠮᠡᠷᠭᠡᠵᠢᠯ ᠤᠨ ᠬᠥᠮᠥᠰ ᠢ ᠵᠢᠭᠠᠵᠤ ᠪᠣᠢ᠃

       ᠭᠤᠷᠪᠠᠳᠤᠭᠠᠷ ᠵᠦᠢᠯ ᠲᠣᠰ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠬᠤ᠂ ᠬᠡᠷᠡᠭᠯᠡᠬᠦ᠂ ᠬᠠᠮᠢᠶᠠᠷᠬᠤ

ᠵᠢᠴᠢ ᠲᠤᠰᠬᠠᠢ ᠮᠡᠷᠭᠡᠵᠢᠯᠲᠡᠨ ᠢ ᠡᠯᠰᠡᠬᠦ᠂ ᠬᠥᠮᠥᠷᠭᠡ ᠳᠤ ᠣᠷᠣᠭᠤᠯᠬᠤ᠂ ᠰᠤᠭᠤᠴᠢᠨ ᠬᠡᠷᠡᠭᠯᠡᠬᠦ᠂ ᠰᠢᠯᠭᠠᠨ ᠬᠢᠨᠠᠬᠤ ᠪᠠ ᠪᠤᠴᠠᠭᠠᠨ ᠭᠠᠷᠭᠠᠬᠤ ᠵᠡᠷᠭᠡ ᠳᠤ

ᠲᠣᠬᠢᠷᠠᠭᠤᠯᠤᠨ ᠬᠡᠷᠡᠭᠯᠡᠨ᠎ᠡ᠃

       ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠬᠤ ᠪᠠ ᠬᠡᠷᠡᠭᠯᠡᠬᠦ ᠳᠤ ᠪᠠᠨ ᠨᠢᠭᠡᠳᠦᠯᠲᠡᠢ

ᠪᠠᠶᠢᠭᠤᠯᠬᠤ᠂ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ᠂ ᠬᠠᠮᠢᠶᠠᠷᠴᠤ ᠬᠡᠷᠡᠭᠯᠡᠬᠦ ᠶᠢ ᠰᠠᠯᠭᠠᠬᠤ᠂ ᠲᠠᠰᠢᠷᠠᠮ ᠢᠶᠠᠷ ᠰᠤᠭᠤᠴᠢᠨ ᠬᠡᠷᠡᠭᠯᠡᠬᠦ ᠵᠠᠷᠴᠢᠮ ᠢ ᠵᠢᠷᠤᠮᠯᠠᠬᠤ

ᠬᠡᠷᠡᠭᠲᠡᠢ᠃ ᠲᠤᠰᠬᠠᠢ ᠮᠡᠷᠭᠡᠵᠢᠯᠲᠡᠨ ᠤ ᠬᠠᠮᠢᠶᠠᠷᠤᠯᠲᠠ ᠳᠤ ᠴᠢᠩᠭ᠎ᠠ ᠬᠠᠮᠢᠶᠠᠷᠤᠨ ᠡᠵᠡᠮᠳᠡᠬᠦ᠂ ᠬᠥᠳᠡᠯᠦᠩᠭᠦᠢ ᠪᠠᠷ ᠲᠣᠬᠢᠷᠠᠭᠤᠯᠬᠤ᠂ ᠡᠷᠬᠡ ᠲᠡᠭᠰᠢ ᠢᠯᠡ ᠪᠠᠶᠢᠯᠭᠠᠬᠤ

᠂ ᠥᠷᠢᠰᠦᠯᠳᠦᠭᠦᠯᠦᠨ ᠰᠢᠯᠢᠳᠡᠭ ᠢ ᠨᠢ ᠰᠣᠩᠭᠤᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃

       ᠬᠤᠶᠠᠳᠤᠭᠠᠷ ᠪᠦᠯᠦᠭ ᠵᠣᠬᠢᠶᠠᠨ ᠪᠠᠶᠢᠭᠤᠯᠵᠤ ᠬᠠᠮᠢᠶᠠᠷᠬᠤ

       ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ

ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠵᠢᠯᠣᠭᠤᠳᠬᠤ ᠪᠠ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠡᠯ᠎ᠡ ᠱᠠᠲᠤᠨ ᠤ ᠠᠵᠤ ᠦᠢᠯᠡᠳᠪᠦᠷᠢ

ᠪᠠ ᠮᠡᠳᠡᠭᠡ ᠵᠠᠩᠬᠢᠴᠢᠯᠠᠯᠲᠠ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ

ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ

ᠮᠠᠯᠵᠢᠬᠤ ᠣᠷᠣᠨ᠂ ᠬᠤᠳᠠᠯᠳᠤᠭᠠᠨ ᠤ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠡᠨᠧᠷᠭᠢ᠂ ᠣᠢ ᠰᠢᠭᠤᠢ ᠪᠠ

ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ︵ᠳᠣᠷᠣᠭᠰᠢ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠭᠡᠵᠦ ᠲᠣᠪᠴᠢᠯᠠᠨ᠎ᠠ︶ ᠨᠢ ᠥᠪᠡᠷ

ᠥᠪᠡᠷ ᠤᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠥᠷᠥᠯ ᠤᠨ ᠢᠶᠠᠨ ᠲᠤᠰᠬᠠᠢ ᠮᠡᠷᠭᠡᠵᠢᠯᠲᠡᠨ ᠢ ᠢᠯᠡ ᠪᠠᠷ ᠡᠯᠰᠡᠬᠦ᠂ ᠬᠥᠮᠥᠷᠭᠡ ᠳᠤ ᠣᠷᠣᠭᠤᠯᠬᠤ ᠬᠢᠷᠢ ᠭᠡᠮ ᠢ

ᠬᠢᠨᠠᠨ ᠪᠠᠶᠢᠴᠠᠭᠠᠬᠤ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠥᠷᠨᠢᠭᠦᠯᠬᠦ᠂ ᠦᠷᠭᠦᠯᠵᠢᠯᠡᠭᠰᠡᠨ ᠰᠤᠷᠭᠠᠨ ᠬᠥᠮᠥᠵᠢᠯ ᠬᠦᠷᠲᠡᠭᠡᠬᠦ᠂ ᠰᠢᠯᠭᠠᠨ

ᠬᠢᠨᠠᠵᠤ ᠦᠨᠡᠯᠡᠯᠲᠡ ᠬᠢᠬᠦ ᠪᠠ ᠠᠷᠢᠭᠤᠨ ᠴᠢᠭᠡᠴᠢ ᠶᠢᠨ ᠬᠥᠮᠥᠵᠢᠯ ᠬᠦᠷᠲᠡᠭᠡᠬᠦ ᠵᠡᠷᠭᠡ ᠬᠢᠨᠠᠯᠲᠠ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠬᠤ ᠶᠢ

ᠬᠠᠷᠢᠭᠤᠴᠠᠨ᠎ᠠ᠃ ᠳᠣᠣᠷᠠᠬᠢ ᠡᠭᠦᠷᠭᠡ ᠬᠠᠷᠢᠭᠤᠴᠠᠯᠭ᠎ᠠ ᠶᠢ ᠪᠣᠳᠠᠲᠠᠢ ᠭᠦᠢᠴᠡᠳᠬᠡᠨ᠎ᠡ᠄

       ︵ᠨᠢᠭᠡ︶ ᠲᠤᠰᠬᠠᠢ ᠮᠡᠷᠭᠡᠵᠢᠯᠲᠡᠨ ᠢ ᠡᠯᠰᠡᠬᠦ᠂ ᠬᠥᠮᠥᠷᠭᠡ ᠳᠤ ᠣᠷᠣᠭᠤᠯᠬᠤ ᠬᠢᠷᠢ ᠭᠡᠮ ᠢ ᠬᠢᠨᠠᠨ ᠪᠠᠶᠢᠴᠠᠭᠠᠬᠤ᠂ ᠠᠵᠢᠯ ᠤᠨ ᠪᠠᠶᠢᠷᠢ ᠳᠤ ᠭᠠᠷᠬᠤ ᠠᠴᠠ

ᠡᠮᠦᠨᠡᠬᠢ ᠪᠣᠯᠪᠠᠰᠤᠷᠠᠯ ᠤᠨ ᠠᠵᠢᠯ ᠢ ᠵᠣᠬᠢᠶᠠᠨ ᠪᠠᠶᠢᠭᠤᠯᠤᠨ᠎ᠠ︔

       ︵ᠬᠤᠶᠠᠷ︶ ᠬᠥᠮᠥᠷᠭᠡ ᠳᠣᠲᠣᠷᠠᠬᠢ ᠲᠤᠰᠬᠠᠢ ᠮᠡᠷᠭᠡᠵᠢᠯᠲᠡᠳ ᠲᠤ ᠦᠷᠭᠦᠯᠵᠢᠯᠡᠭᠰᠡᠨ ᠰᠤᠷᠭᠠᠨ ᠬᠥᠮᠥᠵᠢᠯ ᠪᠠ ᠠᠷᠢᠭᠤᠨ ᠴᠢᠭᠡᠴᠢ ᠶᠢᠨ ᠬᠥᠮᠥᠵᠢᠯ

ᠬᠦᠷᠲᠡᠭᠡᠵᠦ᠂ ᠰᠢᠯᠭᠠᠨ ᠬᠢᠨᠠᠵᠤ ᠦᠨᠡᠯᠡᠯᠲᠡ ᠬᠢᠬᠦ ᠠᠵᠢᠯ ᠢ ᠵᠣᠬᠢᠶᠠᠨ ᠪᠠᠶᠢᠭᠤᠯᠤᠨ᠎ᠠ︔

       ︵ᠭᠤᠷᠪᠠ︶ ᠲᠤᠰᠬᠠᠢ ᠮᠡᠷᠭᠡᠵᠢᠯᠲᠡᠨ ᠤ ᠲᠤᠰᠬᠠᠢ ᠮᠡᠷᠭᠡᠵᠢᠯ ᠤᠨ ᠵᠦᠢᠯᠴᠢᠯᠡᠯ ᠪᠠ ᠲᠤᠭ᠎ᠠ ᠬᠡᠮᠵᠢᠶ᠎ᠡ ᠶᠢ ᠴᠠᠭ ᠲᠤᠬᠠᠢ ᠳᠤ ᠨᠢ ᠨᠥᠬᠦᠪᠦᠷᠢᠯᠡᠵᠦ᠂

ᠰᠢᠨᠡᠳᠭᠡᠵᠦ᠂ ᠲᠡᠭᠦᠯᠳᠡᠷᠵᠢᠭᠦᠯᠦᠨ᠎ᠡ︔

       ︵ᠳᠥᠷᠪᠡ︶ ᠳᠠᠭᠠᠭᠠᠴᠢᠯᠠᠯᠲᠠ ᠬᠢᠨᠠᠨ ᠦᠨᠡᠯᠡᠬᠦ ᠺᠣᠮᠢᠰ ᠤᠨ ᠪᠦᠷᠢᠯᠳᠦᠭᠦᠨ ᠢ ᠲᠣᠭᠲᠠᠭᠠᠬᠤ ᠠᠷᠭ᠎ᠠ ᠮᠠᠶ᠋ᠢᠭ᠂ ᠲᠤᠰᠬᠠᠢ ᠮᠡᠷᠭᠡᠵᠢᠯᠲᠡᠨ ᠢ ᠰᠤᠭᠤᠴᠢᠨ

ᠬᠡᠷᠡᠭᠯᠡᠬᠦ ᠪᠠ ᠳᠠᠭᠠᠭᠠᠴᠢᠯᠠᠯᠲᠠ ᠬᠢᠨᠠᠨ ᠦᠨᠡᠯᠡᠬᠦ ᠠᠵᠢᠯᠯᠠᠭ᠎ᠠ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ︔

       ︵ᠲᠠᠪᠤ︶ ᠲᠤᠰᠬᠠᠢ ᠮᠡᠷᠭᠡᠵᠢᠯᠲᠡᠨ ᠤ ᠲᠤᠰᠢᠶᠠᠯ ᠢᠶᠠᠨ ᠭᠦᠢᠴᠡᠳᠭᠡᠬᠦ ᠬᠠᠮᠢᠶ᠎ᠠ ᠪᠦᠬᠦᠢ ᠦᠢᠯᠡ ᠠᠵᠢᠯᠯᠠᠭ᠎ᠠ ᠶᠢ ᠬᠠᠮᠢᠶᠠᠷᠤᠨ ᠵᠢᠷᠤᠮᠵᠢᠭᠤᠯᠤᠨ᠎ᠠ︔

       ︵ᠵᠢᠷᠭᠤᠭ᠎ᠠ︶ ᠲᠤᠰᠬᠠᠢ ᠮᠡᠷᠭᠡᠵᠢᠯᠲᠡᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠬᠠᠮᠢᠶ᠎ᠠ ᠪᠦᠬᠦᠢ ᠦᠢᠯᠡ ᠠᠵᠢᠯᠯᠠᠭ᠎ᠠ ᠶᠢ ᠬᠠᠤᠯᠢ ᠶᠣᠰᠣᠭᠠᠷ

ᠪᠠᠶᠢᠴᠠᠭᠠᠨ ᠰᠢᠢᠳᠪᠦᠷᠢᠯᠡᠨ᠎ᠡ︔

       ︵ᠳᠣᠯᠤᠭ᠎ᠠ︶ ᠲᠤᠰᠬᠠᠢ ᠮᠡᠷᠭᠡᠵᠢᠯᠲᠡᠨ ᠤ ᠬᠢᠷᠢ ᠭᠡᠮ ᠢ ᠬᠠᠥᠯᠢ ᠲᠣᠭᠲᠠᠭᠠᠯ ᠶᠣᠰᠣᠭᠠᠷ ᠲᠦᠷ ᠵᠣᠭᠰᠣᠭᠠᠬᠤ᠂ ᠵᠣᠭᠰᠣᠭᠠᠬᠤ᠂ ᠬᠦᠴᠦᠨ ᠦᠭᠡᠢ

ᠪᠣᠯᠭᠠᠨ᠎ᠠ︔

       ︵ᠨᠠᠢᠮᠠ︶ ᠬᠠᠤᠯᠢ ᠴᠠᠭᠠᠵᠠ ᠬᠠᠤᠯᠢ ᠲᠣᠭᠲᠠᠭᠠᠯ ᠲᠣᠭᠲᠠᠭᠠᠯ ᠳᠦᠷᠢᠮ ᠳᠤ ᠲᠣᠭᠲᠠᠭᠠᠭᠰᠠᠨ ᠪᠤᠰᠤᠳ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠃

       ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠲᠠ ᠶᠢᠨ ᠠᠵᠢᠯ ᠤᠨ

ᠬᠠᠮᠲᠤᠷᠠᠭᠰᠠᠨ ᠬᠤᠷᠠᠯ ᠤᠨ ᠠᠯᠪᠠᠨ ᠭᠡᠷ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠲᠣᠬᠢᠷᠠᠭᠤᠯᠪᠠ︶ ᠨᠢ

ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠬᠥᠮᠥᠷᠭᠡ ᠶᠢ ᠵᠣᠬᠢᠶᠠᠨ ᠪᠠᠶᠢᠭᠤᠯᠬᠤ᠂ ᠬᠠᠮᠢᠶᠠᠷᠬᠤ ᠶᠢ ᠬᠠᠷᠢᠭᠤᠴᠠᠵᠤ᠂ ᠡᠯ᠎ᠡ ᠵᠠᠰᠠᠭ ᠵᠠᠬᠢᠷᠭᠠᠨ ᠤ

ᠬᠢᠨᠠᠯᠲᠠ ᠲᠠᠯᠪᠢᠬᠤ ᠰᠠᠯᠠᠭ᠎ᠠ ᠮᠥᠴᠢᠷ ᠢ ᠵᠣᠬᠢᠴᠠᠭᠤᠯᠤᠨ ᠰᠢᠮᠳᠠᠭᠤᠯᠵᠤ ᠲᠤᠰᠬᠠᠢ ᠮᠡᠷᠭᠡᠵᠢᠯᠲᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠯᠭᠡᠨ᠎ᠡ᠃

ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠨᠢ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ

ᠬᠥᠮᠥᠷᠭᠡ ᠶᠢᠨ ᠰᠢᠰᠲ᠋ᠧᠮ ᠢ ᠪᠠᠶᠢᠭᠤᠯᠬᠤ᠂ ᠠᠵᠢᠯᠯᠠᠭᠤᠯᠬᠤ᠂ ᠠᠷᠠᠴᠢᠯᠠᠵᠤ ᠬᠠᠮᠠᠭᠠᠯᠠᠬᠤ ᠪᠠ ᠡᠳᠦᠷ ᠲᠤᠲᠤᠮ ᠤᠨ ᠬᠠᠮᠢᠶᠠᠷᠤᠯᠲᠠ ᠬᠢᠬᠦ ᠵᠡᠷᠭᠡ ᠠᠵᠢᠯ ᠢ

ᠬᠠᠷᠢᠭᠤᠴᠠᠨ᠎ᠠ᠃

       ᠳᠣᠯᠣᠳᠤᠭᠠᠷ ᠵᠦᠢᠯ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠵᠢᠯᠯᠠᠭᠤᠯᠵᠤ ᠦᠢᠯᠡᠴᠢᠯᠡᠬᠦ

ᠪᠠᠶᠢᠭᠤᠯᠤᠮᠵᠢ ᠨᠢ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠲᠠᠢ ᠬᠠᠮᠵᠢᠯᠴᠠᠵᠤ ᠪᠠᠶᠢᠭᠠᠳ ᠲᠤᠰᠬᠠᠢ ᠮᠡᠷᠭᠡᠵᠢᠯᠲᠡᠨ ᠤ ᠡᠭᠦᠷᠭᠡ

ᠬᠠᠷᠢᠭᠤᠴᠠᠯᠭ᠎ᠠ ᠪᠠᠨ ᠭᠦᠢᠴᠡᠳᠭᠡᠵᠦ ᠪᠠᠶᠢᠭ᠎ᠠ ᠪᠠᠶᠢᠳᠠᠯ ᠢ ᠰᠢᠩᠭᠡᠭᠡᠨ ᠲᠡᠮᠳᠡᠭᠯᠡᠵᠦ ᠦᠨᠡᠯᠡᠬᠦ ᠶᠢᠨ ᠬᠠᠮᠲᠤ ᠰᠢᠩᠭᠡᠭᠡᠨ ᠲᠡᠮᠳᠡᠭᠯᠡᠵᠦ ᠦᠨᠡᠯᠡᠭᠰᠡᠨ ᠦᠷ᠎ᠡ ᠳ᠋ᠦᠩ ᠢᠶᠠᠨ

ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠲᠤ ᠬᠠᠷᠢᠭᠤ ᠲᠤᠰᠬᠠᠬᠤ ᠬᠡᠷᠡᠭᠲᠡᠢ᠃

       ᠭᠤᠷᠪᠠᠳᠤᠭᠠᠷ ᠪᠦᠯᠦᠭ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠪᠠᠶᠢᠭᠤᠯᠤᠯᠲᠠ

       ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠨᠢ

ᠤᠯᠤᠰ ᠤᠨ ᠨᠢᠭᠡᠳᠦᠯᠲᠡᠢ ᠲᠤᠰᠬᠠᠢ ᠮᠡᠷᠭᠡᠵᠢᠯᠲᠡᠨ ᠤ ᠲᠤᠰᠬᠠᠢ ᠮᠡᠷᠭᠡᠵᠢᠯ ᠤᠨ ᠲᠥᠷᠥᠯ ᠬᠤᠪᠢᠶᠠᠬᠤ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ ᠲᠤᠰᠬᠠᠢ

ᠮᠡᠷᠭᠡᠵᠢᠯ ᠤᠨ ᠵᠦᠢᠯᠴᠢᠯᠡᠯ ᠨᠢ ᠭᠦᠢᠴᠡᠳ ᠪᠤᠰᠤ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ

ᠮᠥᠴᠢᠷ ᠠᠴᠠ ᠬᠡᠷᠡᠭᠴᠡᠭᠡ ᠶᠣᠰᠣᠭᠠᠷ ᠥᠷᠭᠡᠳᠭᠡᠨ ᠲᠡᠭᠦᠯᠳᠡᠷᠵᠢᠭᠦᠯᠦᠨ᠎ᠡ᠃

       ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠬᠥᠮᠥᠷᠭᠡ ᠨᠢ ᠪᠥᠬᠦ ᠣᠷᠣᠨ ᠳᠤ ᠬᠠᠨᠳᠤᠭᠤᠯᠤᠨ ᠪᠠᠶᠢᠩᠭᠤ ᠶᠢᠨ

ᠴᠢᠨᠠᠷᠲᠠᠢ ᠪᠥᠭᠡᠳ ᠢᠯᠡ ᠪᠠᠷ ᠲᠤᠰᠬᠠᠢ ᠮᠡᠷᠭᠡᠵᠢᠯᠲᠡᠨ ᠡᠯᠰᠡᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭᠠᠨ ᠤ ᠬᠡᠷᠡᠭᠴᠡᠭᠡ ᠶᠢ

ᠬᠠᠩᠭᠠᠬᠤ ᠶᠢ ᠪᠠᠲᠤᠯᠠᠨ᠂ ᠡᠯᠰᠡᠬᠦ ᠠᠵᠢᠯᠯᠠᠭ᠎ᠠ ᠨᠢ ᠣᠯᠠᠨ ᠲᠦᠮᠡᠨ ᠤ ᠬᠢᠨᠠᠯᠲᠠ ᠲᠠᠯᠪᠢᠯᠲᠠ ᠶᠢ ᠬᠦᠯᠢᠶᠡᠨ᠎ᠡ᠃

       ᠠᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠬᠥᠮᠥᠷᠭᠡ ᠳᠤ ᠰᠣᠩᠭᠤᠭᠳᠠᠬᠤ ᠲᠤᠰᠬᠠᠢ ᠮᠡᠷᠭᠡᠵᠢᠯᠲᠡᠨ ᠨᠢ ᠳᠣᠣᠷ᠎ᠠ

ᠵᠢᠭᠰᠠᠭᠠᠭᠰᠠᠨ ᠨᠦᠭᠦᠴᠡᠯ ᠢ ᠪᠦᠷᠢᠯᠳᠦᠭᠦᠯᠬᠦ ᠬᠡᠷᠡᠭᠲᠡᠢ᠄

       ︵ᠨᠢᠭᠡ︶ ᠤᠯᠤᠰ ᠲᠥᠷᠥ ᠶᠢᠨ ᠤᠬᠠᠮᠰᠠᠷ ᠥᠨᠳᠥᠷ᠂ ᠲᠤᠬᠠᠶᠢᠯᠠᠭᠰᠠᠨ ᠠᠵᠢᠯ ᠤᠨ ᠮᠣᠷᠠᠯ ᠢᠶᠠᠷ ᠰᠠᠶᠢᠨ᠂ ᠲᠤᠰᠠᠭᠠᠷ ᠪᠡᠶ᠎ᠡ ᠭᠡᠮ ᠤᠨ ᠬᠤᠪᠢ ᠪᠠᠷ

ᠳᠠᠭᠠᠭᠠᠴᠢᠯᠠᠯᠲᠠ ᠬᠢᠨᠠᠨ ᠦᠨᠡᠯᠡᠬᠦ ᠠᠵᠢᠯᠯᠠᠭ᠎ᠠ ᠳᠤ ᠰᠠᠶᠢᠨ ᠳᠤᠷ᠎ᠠ ᠠᠴᠠ ᠪᠠᠨ ᠣᠷᠣᠯᠴᠠᠵᠤ᠂ ᠨᠠᠷᠢᠨ ᠬᠢᠨᠠᠮᠠᠭᠠᠢ᠂ ᠲᠥᠪ ᠭᠤᠣᠯᠴᠢ᠂ ᠦᠨᠡᠨᠴᠢ ᠰᠢᠳᠤᠷᠭᠤ᠂

ᠠᠷᠢᠭᠤᠨ ᠴᠢᠭᠡᠴᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ ᠳᠡᠶᠢᠯᠬᠦ︔

       ︵ᠬᠤᠶᠠᠷ︶ ᠭᠤᠶᠤᠴᠢᠯᠠᠨ ᠮᠡᠳᠡᠭᠦᠯᠦᠭᠰᠡᠨ ᠲᠤᠰᠬᠠᠢ ᠮᠡᠷᠭᠡᠵᠢᠯ ᠤᠨ ᠬᠠᠮᠢᠶ᠎ᠠ ᠪᠦᠬᠦᠢ ᠮᠡᠷᠭᠡᠵᠢᠯ ᠤᠨ ᠱᠠᠭᠠᠷᠳᠠᠯᠭ᠎ᠠ ᠵᠢᠴᠢ ᠠᠵᠢᠯ ᠲᠥᠷᠥᠯ ᠤᠨ

ᠬᠥᠭᠵᠢᠯᠲᠡ ᠶᠢᠨ ᠣᠳᠣᠬᠢ ᠪᠠᠶᠢᠳᠠᠯ ᠢ ᠰᠠᠶᠢᠲᠤᠷ ᠣᠶᠢᠯᠠᠭᠠᠵᠤ᠂ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠬᠦᠷᠢᠶ᠎ᠡ ᠴᠠᠷᠠᠭᠠᠨ ᠳᠤ ᠪᠦᠬᠦᠯᠢ 8 ᠵᠢᠯ ᠠᠵᠢᠯᠯᠠᠭᠰᠠᠨ

ᠮᠥᠷᠲᠡᠭᠡᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠪᠤᠶᠤ ᠠᠳᠠᠯᠢ ᠳᠡᠰ ᠤᠨ ᠲᠤᠰᠬᠠᠢ ᠮᠡᠷᠭᠡᠵᠢᠯ ᠤᠨ ᠬᠢᠷᠢ ᠲᠦᠪᠰᠢᠨ ᠲᠠᠢ ᠪᠠᠶᠢᠬᠤ︔

       ︵ᠭᠤᠷᠪᠠ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ

ᠪᠣᠳᠣᠯᠭ᠎ᠠ ᠶᠢ ᠰᠠᠶᠢᠲᠤᠷ ᠣᠶᠢᠯᠠᠭᠠᠭᠰᠠᠨ ᠪᠠᠶᠢᠬᠤ︔

       ︵ᠳᠥᠷᠪᠡ︶ ᠢᠷᠭᠡᠨ ᠤ ᠬᠡᠷᠡᠭ ᠤᠨ ᠦᠢᠯᠡ ᠠᠵᠢᠯᠯᠠᠭᠠᠨ ᠤ ᠪᠦᠷᠢᠨ ᠴᠢᠳᠠᠪᠤᠷᠢ ᠲᠠᠢ᠂ ᠪᠡᠶ᠎ᠡ ᠮᠠᠬᠠᠪᠤᠳ ᠡᠷᠡᠭᠦᠯ ᠴᠢᠭᠢᠷᠠᠭ᠂ ᠳᠠᠭᠠᠭᠠᠴᠢᠯᠠᠯᠲᠠ ᠬᠢᠨᠠᠨ

ᠦᠨᠡᠯᠡᠬᠦ ᠠᠵᠢᠯ ᠢ ᠡᠭᠦᠷᠬᠡᠯᠡᠵᠦ ᠳᠡᠶᠢᠯᠬᠦ᠂ ᠡᠩ ᠤᠨ ᠪᠠᠶᠢᠳᠠᠯ ᠳᠤ ᠪᠦᠬᠦᠯᠢ 70 ᠨᠠᠰᠤᠨ ᠠᠴᠠ ᠬᠡᠲᠦᠷᠡᠭᠰᠡᠨ ᠦᠭᠡᠢ ᠪᠠᠶᠢᠬᠤ︔

       ︵ᠲᠠᠪᠤ︶ ᠺᠣᠮᠫᠢᠦ᠋ᠲ᠋ᠧᠷ ᠢ ᠪᠣᠯᠪᠠᠰᠤᠷᠠᠩᠭᠤᠢ ᠬᠡᠷᠡᠭᠯᠡᠵᠦ ᠡᠯᠧᠺᠳ᠋ᠷᠣᠨ ᠢᠶᠠᠷ ᠳᠠᠭᠠᠭᠠᠴᠢᠯᠠᠯᠲᠠ ᠬᠢᠨᠠᠨ ᠦᠨᠡᠯᠡᠬᠦ ᠠᠵᠢᠯ ᠢ ᠪᠡᠶᠡᠯᠡᠭᠦᠯᠵᠦ ᠳᠡᠶᠢᠯᠬᠦ︔

       ︵ᠵᠢᠷᠭᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠲᠣᠭᠲᠠᠭᠠᠯ ᠳᠦᠷᠢᠮ ᠳᠤ ᠲᠣᠭᠲᠠᠭᠠᠭᠰᠠᠨ ᠪᠤᠰᠤᠳ ᠨᠦᠭᠦᠴᠡᠯ᠃

       ᠡᠮᠦᠨᠡᠬᠢ ᠵᠤᠷᠪᠤᠰ ᠤᠨ ︵ᠬᠤᠶᠠᠳᠤᠭᠠᠷ︶ ᠵᠦᠢᠯ ᠳᠤ ᠬᠡᠯᠡᠵᠦ ᠪᠠᠶᠢᠭ᠎ᠠ ︽ᠠᠳᠠᠯᠢ ᠳᠡᠰ ᠤᠨ ᠲᠤᠰᠬᠠᠢ ᠮᠡᠷᠭᠡᠵᠢᠯ ᠤᠨ ᠬᠢᠷᠢ ᠲᠦᠪᠰᠢᠨ︾ ᠭᠡᠳᠡᠭ ᠨᠢ

ᠤᠯᠤᠰ ᠤᠨ ᠬᠠᠮᠢᠶ᠎ᠠ ᠪᠦᠬᠦᠢ ᠳᠡᠰ ᠵᠡᠷᠭᠡ ᠬᠤᠪᠢᠶᠠᠬᠤ ᠦᠭᠡᠢ ᠪᠤᠶᠤ ᠨᠢᠭᠡᠳᠦᠭᠡᠷ ᠳᠡᠰ ᠤᠨ ᠳᠠᠩᠰᠠᠯᠠᠭᠤᠯᠤᠭᠰᠠᠨ ᠠᠵᠢᠯ ᠡᠷᠬᠢᠯᠡᠬᠦ ᠬᠢᠷᠢ ᠭᠡᠮ ᠲᠠᠢ ᠲᠤᠰᠬᠠᠢ

ᠮᠡᠷᠭᠡᠵᠢᠯ ᠤᠨ ᠬᠥᠮᠥᠰ ᠢ ᠵᠢᠭᠠᠵᠤ ᠪᠣᠢ᠃

       ᠡᠯ᠎ᠡ ᠠᠵᠢᠯ ᠲᠥᠷᠥᠯ᠂ ᠲᠤᠰᠬᠠᠢ ᠮᠡᠷᠭᠡᠵᠢᠯ ᠤᠨ ᠣᠨᠴᠠᠭᠠᠢ ᠬᠢᠷᠢ ᠭᠡᠮ ᠤᠨ ᠨᠦᠭᠦᠴᠡᠯ ᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠵᠠᠰᠠᠭ

ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃

       ᠠᠷᠪᠠᠨ ᠨᠢᠭᠡᠳᠦᠭᠡᠷ ᠵᠦᠢᠯ ᠭᠤᠶᠤᠴᠢᠯᠠᠭᠴᠢ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠤᠰᠬᠠᠢ

ᠮᠡᠷᠭᠡᠵᠢᠯᠲᠡᠨ ᠤ ᠬᠥᠮᠥᠷᠭᠡ ᠳᠤ ᠰᠣᠩᠭᠤᠭᠳᠠᠵᠤ ᠪᠣᠯᠬᠤ ᠦᠭᠡᠢ᠄

       ︵ᠨᠢᠭᠡ︶ ᠢᠷᠭᠡᠨ ᠤ ᠬᠡᠷᠡᠭ ᠤᠨ ᠦᠢᠯᠡ ᠠᠵᠢᠯᠯᠠᠭᠠᠨ ᠤ ᠴᠢᠳᠠᠪᠤᠷᠢ ᠦᠭᠡᠢ ᠪᠤᠶᠤ ᠢᠷᠭᠡᠨ ᠤ ᠬᠡᠷᠡᠭ ᠤᠨ ᠦᠢᠯᠡ ᠠᠵᠢᠯᠯᠠᠭᠠᠨ ᠤ ᠴᠢᠳᠠᠪᠤᠷᠢ ᠨᠢ

ᠬᠢᠵᠠᠭᠠᠷᠲᠠᠢ︔

       ︵ᠬᠤᠶᠠᠷ︶ ᠬᠠᠥᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠨᠥᠯᠥᠭᠡ ᠮᠠᠭᠤᠲᠠᠢ ᠦᠢᠯᠡ ᠠᠵᠢᠯᠯᠠᠭ᠎ᠠ ᠶᠢᠨ ᠲᠡᠮᠳᠡᠭᠯᠡᠯ ᠲᠠᠢ ᠪᠠᠶᠢᠬᠤ︔

       ︵ᠭᠤᠷᠪᠠ︶ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠬᠥᠮᠥᠷᠭᠡ ᠳᠠᠬᠢ ᠲᠤᠰᠬᠠᠢ ᠮᠡᠷᠭᠡᠵᠢᠯᠲᠡᠨ ᠤ ᠬᠢᠷᠢ ᠭᠡᠮ ᠢᠶᠠᠨ ᠬᠠᠰᠤᠭᠤᠯᠤᠭᠰᠠᠨ

       ︵ᠳᠥᠷᠪᠡ︶ ︽ᠢᠲᠡᠭᠡᠮᠵᠢᠲᠦ ᠳᠤᠮᠳᠠᠳᠤ ᠤᠯᠤᠰ︾ ᠤᠨ ᠰᠦᠯᠵᠢᠶᠡᠨ ᠥᠷᠲᠡᠭᠡᠨ ᠳᠤ ᠢᠲᠡᠭᠡᠮᠵᠢ ᠪᠠᠨ ᠬᠦᠨᠳᠦ ᠨᠣᠴᠢᠲᠠᠢ ᠠᠯᠳᠠᠭᠰᠠᠨ ᠭᠤᠣᠯ

ᠴᠣᠭᠴᠠ ᠶᠢᠨ ᠨᠡᠷᠡᠰ ᠲᠤ ᠵᠢᠭᠰᠠᠭᠠᠭᠳᠠᠭᠰᠠᠨ︔

       ︵ᠲᠠᠪᠤ︶ ᠬᠠᠤᠯᠢ ᠴᠠᠭᠠᠵᠠ ᠬᠠᠤᠯᠢ ᠲᠣᠭᠲᠠᠭᠠᠯ ᠲᠣᠭᠲᠠᠭᠠᠯ ᠳᠦᠷᠢᠮ ᠳᠤ ᠲᠣᠭᠲᠠᠭᠠᠭᠰᠠᠨ ᠪᠤᠰᠤᠳ ᠪᠠᠶᠢᠳᠠᠯ᠃

       ᠠᠷᠪᠠᠨ ᠬᠤᠶᠠᠳᠤᠭᠠᠷ ᠵᠦᠢᠯ ᠲᠣᠰ ᠠᠷᠭ᠎ᠠ ᠶᠢᠨ ᠠᠷᠪᠠᠳᠤᠭᠠᠷ ᠵᠦᠢᠯ ᠳᠤ ᠲᠣᠭᠲᠠᠭᠠᠭᠰᠠᠨ ᠨᠦᠭᠦᠴᠡᠯ ᠳᠤ ᠨᠡᠶᠢᠴᠡᠭᠰᠡᠨ ᠬᠥᠮᠥᠰ ᠥᠪᠡᠷᠲᠡᠭᠡᠨ ᠵᠠᠰᠠᠬᠤ

ᠣᠷᠣᠨ ᠤ ᠲᠤᠰᠬᠠᠢ ᠮᠡᠷᠭᠡᠵᠢᠯᠲᠡᠨ ᠤ ᠬᠥᠮᠥᠷᠭᠡ ᠳᠤ ᠰᠣᠩᠭᠤᠭᠳᠠᠬᠤ ᠪᠠᠷ ᠭᠤᠶᠤᠴᠢᠯᠠᠬᠤ ᠳᠤ᠂ ᠳᠣᠣᠷ᠎ᠠ ᠵᠢᠭᠰᠠᠭᠠᠭᠰᠠᠨ ᠠᠯᠬᠤᠮ ᠳᠠᠷᠠᠭ᠎ᠠ ᠪᠠᠷ ᠶᠠᠪᠤᠭᠳᠠᠬᠤ

ᠬᠡᠷᠡᠭᠲᠡᠢ᠄

       ︵ᠨᠢᠭᠡ︶ ᠰᠦᠯᠵᠢᠶᠡᠨ᠎ᠡ ᠭᠤᠶᠤᠴᠢᠯᠠᠨ ᠮᠡᠳᠡᠭᠦᠯᠬᠦ᠃ ᠭᠤᠶᠤᠴᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ

ᠡᠬᠢ ᠪᠠᠶᠠᠯᠢᠭ ᠤᠨ ᠰᠦᠯᠵᠢᠶᠡᠨ ︵https://ggzyjy.nmg.gov.cn︶ ᠳᠤ ᠭᠠᠷᠴᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠶᠡᠷᠦᠩᠬᠡᠶᠢᠯᠡᠭᠰᠡᠨ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠢ ᠮᠡᠷᠭᠡᠵᠢᠯᠲᠡᠨ ᠤ ᠰᠦᠯᠵᠢᠶ᠎ᠡ ᠪᠠᠷ ᠭᠤᠶᠤᠴᠢᠯᠠᠨ ᠮᠡᠳᠡᠭᠦᠯᠬᠦ ᠰᠢᠰᠲ᠋ᠧᠮ︾ ᠳᠤ ᠣᠷᠣᠵᠤ ᠰᠦᠯᠵᠢᠶᠡᠨ

ᠳᠡᠭᠡᠷ᠎ᠡ ᠬᠠᠮᠢᠶ᠎ᠠ ᠪᠦᠬᠦᠢ ᠮᠡᠳᠡᠭᠡ ᠵᠠᠩᠬᠢ ᠪᠠᠨ ᠲᠠᠭᠯᠠᠨ ᠮᠡᠳᠡᠭᠦᠯᠬᠦ ᠶᠢᠨ ᠬᠠᠮᠲᠤ᠂ ᠰᠢᠷᠪᠢᠭᠰᠡᠨ ᠬᠠᠮᠢᠶ᠎ᠠ ᠪᠦᠬᠦᠢ ᠮᠠᠲ᠋ᠧᠷᠢᠶᠠᠯ ᠢᠶᠠᠨ ᠱᠠᠭᠠᠷᠳᠠᠯᠭ᠎ᠠ ᠶᠣᠰᠣᠭᠠᠷ

ᠳᠠᠮᠵᠢᠭᠤᠯᠤᠨ᠎ᠠ᠃

       ᠭᠤᠶᠤᠴᠢᠯᠠᠭᠴᠢ ᠤᠯᠤᠰ ᠤᠨ ᠲᠤᠰᠬᠠᠢ ᠮᠡᠷᠭᠡᠵᠢᠯᠲᠡᠨ ᠤ ᠲᠤᠰᠬᠠᠢ ᠮᠡᠷᠭᠡᠵᠢᠯ ᠤᠨ ᠲᠥᠷᠥᠯ ᠬᠤᠪᠢᠶᠠᠬᠤ ᠨᠢᠭᠡᠳᠦᠯᠲᠡᠢ ᠪᠠᠷᠢᠮᠵᠢᠶ᠎ᠠ ᠶᠣᠰᠣᠭᠠᠷ᠂ ᠬᠤᠪᠢ

ᠬᠥᠮᠥᠨ ᠤ ᠲᠤᠰᠬᠠᠢ ᠮᠡᠷᠭᠡᠵᠢᠯ ᠤᠨ ᠰᠤᠷᠭᠠᠨ ᠬᠥᠮᠥᠵᠢᠯ ᠤᠨ ᠥᠩᠭᠡᠷᠡᠯᠲᠡ᠂ ᠲᠤᠰᠬᠠᠢ ᠮᠡᠷᠭᠡᠵᠢᠯ ᠤᠨ ᠠᠵᠢᠯ ᠤᠨ ᠥᠩᠭᠡᠷᠡᠯᠲᠡ ᠲᠠᠢ ᠪᠠᠨ ᠤᠶᠠᠯᠳᠤᠭᠤᠯᠤᠨ᠂

ᠭᠤᠷᠪᠠᠨ ᠳᠡᠰ ᠤᠨ ᠵᠦᠢᠯᠴᠢᠯᠡᠯ ᠤᠨ ᠳᠣᠲᠣᠷ᠎ᠠ ᠠᠴᠠ ᠬᠠᠮᠢᠶ᠎ᠠ ᠪᠦᠬᠦᠢ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯ ᠢ ᠰᠣᠩᠭᠤᠵᠤ᠂ ᠬᠠᠮᠤᠭ ᠤᠨ

ᠣᠯᠠᠨ ᠳᠤ ᠪᠠᠨ 3 ᠭᠤᠷᠪᠠᠳᠤᠭᠠᠷ ᠳᠡᠰ ᠤᠨ ᠲᠤᠰᠬᠠᠢ ᠮᠡᠷᠭᠡᠵᠢᠯ ᠤᠨ ᠵᠦᠢᠯᠴᠢᠯᠡᠯ ᠳᠤ ᠮᠡᠳᠡᠭᠦᠯᠵᠦ ᠪᠣᠯᠣᠨ᠎ᠠ᠂ ᠵᠠᠷᠴᠢᠮ ᠳᠡᠭᠡᠷ᠎ᠡ ᠪᠠᠨ ᠠᠵᠢᠯ ᠲᠥᠷᠥᠯ ᠠᠯᠤᠰᠯᠠᠨ

ᠭᠤᠶᠤᠴᠢᠯᠠᠨ ᠮᠡᠳᠡᠭᠦᠯᠵᠦ ᠪᠣᠯᠬᠤ ᠦᠭᠡᠢ᠃ ᠠᠵᠢᠯ ᠲᠥᠷᠥᠯ ᠠᠯᠤᠰᠯᠠᠵᠤ ᠭᠤᠶᠤᠴᠢᠯᠠᠨ ᠮᠡᠳᠡᠭᠦᠯᠦᠭᠰᠡᠨ ᠪᠣᠯ᠂ ᠪᠣᠳᠠᠲᠠᠢ ᠲᠤᠰᠬᠠᠢ ᠮᠡᠷᠭᠡᠵᠢᠯ ᠪᠠ ᠠᠵᠢᠯᠯᠠᠭᠰᠠᠨ

ᠵᠢᠯ ᠬᠤᠭᠤᠴᠠᠭ᠎ᠠ ᠪᠠᠨ ᠲᠣᠳᠣᠷᠬᠠᠶᠢᠯᠠᠬᠤ ᠶᠢᠨ ᠬᠠᠮᠲᠤ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠢᠶᠠᠨ ᠰᠦᠯᠵᠢᠶᠡᠨ ᠳᠤ ᠳᠠᠮᠵᠢᠭᠤᠯᠬᠤ ᠬᠡᠷᠡᠭᠲᠡᠢ᠂ ᠠᠵᠢᠯ ᠲᠥᠷᠥᠯ

ᠠᠯᠤᠰᠯᠠᠨ ᠵᠦᠢᠯᠴᠢᠯᠡᠯ ᠠᠯᠤᠰᠯᠠᠨ ᠭᠤᠶᠤᠴᠢᠯᠠᠨ ᠮᠡᠳᠡᠭᠦᠯᠬᠦ ᠲᠤᠬᠠᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠮᠢᠶ᠎ᠠ ᠪᠦᠬᠦᠢ

ᠬᠢᠵᠠᠭᠠᠷᠯᠠᠬᠤ ᠱᠠᠭᠠᠷᠳᠠᠯᠭ᠎ᠠ ᠪᠠᠶᠢᠪᠠᠯ ᠠᠵᠢᠯ ᠲᠥᠷᠥᠯ ᠤᠨ ᠱᠠᠭᠠᠷᠳᠠᠯᠭ᠎ᠠ ᠪᠠᠷ ᠨᠢ ᠬᠡᠷᠡᠭᠵᠢᠭᠦᠯᠦᠨ᠎ᠡ᠃

       ᠭᠤᠶᠤᠴᠢᠯᠠᠭᠴᠢ ᠲᠠᠭᠯᠠᠨ ᠮᠡᠳᠡᠭᠦᠯᠦᠭᠰᠡᠨ ᠮᠡᠳᠡᠭᠡ ᠵᠠᠩᠬᠢ᠂ ᠬᠠᠩᠭᠠᠭᠰᠠᠨ ᠭᠡᠷᠡᠴᠢ ᠦᠨᠡᠮᠯᠡᠯ ︵ᠰᠢᠷᠪᠢᠭᠰᠡᠨ ᠮᠠᠲ᠋ᠧᠷᠢᠶᠠᠯ ᠪᠠᠭᠲᠠᠨ᠎ᠠ︶ ᠤᠨ ᠦᠨᠡᠨ

ᠪᠣᠳᠠᠲᠤ ᠴᠢᠨᠠᠷ᠂ ᠬᠠᠤᠯᠢ ᠶᠣᠰᠤᠴᠢ ᠴᠢᠨᠠᠷ ᠲᠤ ᠬᠠᠷᠢᠭᠤᠴᠠᠬᠤ ᠶᠢᠨ ᠬᠠᠮᠲᠤ ᠪᠢᠴᠢᠭ ᠤᠨ ᠬᠡᠯᠪᠡᠷᠢ ᠪᠠᠷ ᠠᠮᠠᠯᠠᠯᠲᠠ ᠬᠢᠵᠦ᠂ ᠬᠤᠳᠠᠯ ᠬᠠᠭᠤᠷᠮᠠᠭ ᠮᠠᠲ᠋ᠧᠷᠢᠶᠠᠯ ᠢᠶᠠᠷ

ᠲᠤᠰᠬᠠᠢ ᠮᠡᠷᠭᠡᠵᠢᠯᠲᠡᠨ ᠤ ᠬᠢᠷᠢ ᠭᠡᠮ ᠢ ᠮᠡᠬᠡᠯᠡᠨ ᠠᠪᠴᠤ ᠪᠣᠯᠬᠤ ᠦᠭᠡᠢ᠃

       ︵ᠬᠤᠶᠠᠷ︶ ᠬᠥᠮᠥᠷᠭᠡ ᠳᠤ ᠣᠷᠣᠭᠤᠯᠬᠤ ᠬᠢᠨᠠᠨ ᠪᠠᠶᠢᠴᠠᠭᠠᠯᠲᠠ᠃ ᠭᠤᠶᠤᠴᠢᠯᠠᠭᠴᠢ ᠮᠡᠳᠡᠭᠡ ᠵᠠᠩᠬᠢ ᠪᠠᠨ ᠲᠤᠰᠢᠶᠠᠭᠰᠠᠨ ᠤ ᠳᠠᠷᠠᠭ᠎ᠠ᠂ ᠰᠢᠰᠲ᠋ᠧᠮ ᠠᠴᠠ

ᠠᠶᠠᠨᠳᠠᠭᠠᠨ ᠬᠠᠷᠠᠭᠠᠯᠵᠠᠭᠰᠠᠨ ᠠᠵᠢᠯ ᠲᠥᠷᠥᠯ ᠤᠨ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠲᠤ ᠶᠠᠪᠤᠭᠤᠯᠤᠨ᠎ᠠ᠃ ᠡᠯ᠎ᠡ ᠠᠶᠢᠮᠠᠭ ᠬᠤᠲᠠ ᠪᠠ

ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠶᠡᠷᠦᠩᠬᠡᠶᠢᠯᠡᠭᠰᠡᠨ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠬᠠᠮᠢᠶᠠᠷᠤᠯᠲᠠ ᠶᠢᠨ ᠰᠢᠰᠲ᠋ᠧᠮ︾ ᠢᠶᠠᠷ ᠳᠠᠮᠵᠢᠭᠤᠯᠤᠨ ᠲᠣᠰ ᠠᠵᠢᠯ

ᠲᠥᠷᠥᠯ ᠤᠨ ᠲᠤᠰᠬᠠᠢ ᠮᠡᠷᠭᠡᠵᠢᠯᠲᠡᠨ ᠢ ᠬᠥᠮᠥᠷᠭᠡ ᠳᠤ ᠣᠷᠣᠭᠤᠯᠬᠤ ᠨᠦᠭᠦᠴᠡᠯ ᠵᠢᠴᠢ ᠱᠠᠭᠠᠷᠳᠠᠯᠭ᠎ᠠ ᠶᠣᠰᠣᠭᠠᠷ ᠲᠣᠰ ᠲᠣᠰ ᠲᠤ ᠨᠢ ᠠᠩᠬᠠᠨ ᠤ ᠬᠢᠨᠠᠯᠲᠠ ᠪᠠ

ᠳᠠᠬᠢᠨ ᠬᠢᠨᠠᠯᠲᠠ ᠬᠢᠨ᠎ᠡ᠃

       ᠭᠤᠶᠤᠴᠢᠯᠠᠭᠴᠢ ᠶᠢᠨ ᠮᠡᠳᠡᠭᠦᠯᠦᠭᠰᠡᠨ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯ ᠢ ᠬᠢᠨᠠᠨ ᠬᠠᠷᠭᠤᠭᠤᠯᠵᠤ ᠲᠣᠭᠲᠠᠭᠠᠭᠰᠠᠨ ᠤ ᠳᠠᠷᠠᠭ᠎ᠠ᠂ ᠡᠩ ᠤᠨ

ᠪᠠᠶᠢᠳᠠᠯ ᠳᠤ ᠲᠣᠬᠢᠷᠠᠭᠤᠯᠤᠯᠲᠠ ᠬᠢᠬᠦ ᠦᠭᠡᠢ᠃ ᠰᠢᠨ᠎ᠡ ᠪᠠᠷ ᠲᠤᠰᠬᠠᠢ ᠮᠡᠷᠭᠡᠵᠢᠯ ᠤᠨ ᠳᠠᠩᠰᠠᠯᠠᠭᠤᠯᠤᠭᠰᠠᠨ ᠠᠵᠢᠯ ᠡᠷᠬᠢᠯᠡᠬᠦ ᠬᠢᠷᠢ ᠭᠡᠮ ᠤᠨ ᠦᠨᠡᠮᠯᠡᠯ ᠣᠯᠵᠤ

ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯ ᠢᠶᠠᠨ ᠦᠨᠡᠨ ᠬᠦ ᠲᠣᠬᠢᠷᠠᠭᠤᠯᠬᠤ ᠴᠢᠬᠤᠯᠠᠲᠠᠢ ᠪᠠᠶᠢᠪᠠᠯ᠂ ᠵᠠᠰᠠᠪᠤᠷᠢ ᠣᠷᠣᠭᠤᠯᠤᠭᠰᠠᠨ ᠤ ᠳᠠᠷᠠᠭ᠎ᠠ ᠬᠢᠨᠠᠨ

ᠬᠠᠷᠭᠤᠭᠤᠯᠬᠤ ᠪᠠᠷ ᠲᠤᠰᠢᠶᠠᠬᠤ ᠬᠡᠷᠡᠭᠲᠡᠢ᠃

       ︵ᠭᠤᠷᠪᠠ︶ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ᠃ ᠭᠤᠶᠤᠴᠢᠯᠠᠭᠴᠢ ᠬᠢᠨᠠᠨ ᠬᠠᠷᠭᠤᠭᠤᠯᠤᠯᠲᠠ ᠶᠢ ᠥᠩᠭᠡᠷᠡᠭᠡᠭᠰᠡᠨ ᠤ ᠳᠠᠷᠠᠭ᠎ᠠ᠂

ᠰᠢᠰᠲ᠋ᠧᠮ ᠨᠢ ᠠᠶᠠᠨᠳᠠᠭᠠᠨ ᠣᠬᠤᠷ ᠮᠡᠳᠡᠭᠡᠨ ᠤ ᠬᠡᠯᠪᠡᠷᠢ ᠪᠠᠷ ᠲᠡᠭᠦᠨ ᠳᠤ ᠰᠢᠰᠲ᠋ᠧᠮ ᠳᠤ ᠣᠷᠣᠵᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ

ᠮᠥᠴᠢᠷ ᠠᠴᠠ ᠵᠣᠬᠢᠶᠠᠨ ᠪᠠᠶᠢᠭᠤᠯᠤᠭᠰᠠᠨ ᠬᠠᠮᠢᠶ᠎ᠠ ᠪᠦᠬᠦᠢ ᠬᠠᠤᠯᠢ ᠴᠠᠭᠠᠵᠠ ᠬᠠᠥᠯᠢ ᠲᠣᠭᠲᠠᠭᠠᠯ ᠤᠨ ᠮᠡᠳᠡᠯᠭᠡ᠂ ᠳᠠᠭᠠᠭᠠᠴᠢᠯᠠᠯᠲᠠ ᠦᠨᠡᠯᠡᠬᠦ ᠠᠷᠭ᠎ᠠ ᠵᠢᠴᠢ

ᠲᠤᠬᠠᠶᠢᠯᠠᠭᠰᠠᠨ ᠠᠵᠢᠯ ᠤᠨ ᠮᠣᠷᠠᠯ ᠵᠡᠷᠭᠡ ᠲᠤᠰᠬᠠᠢ ᠮᠡᠷᠭᠡᠵᠢᠯᠲᠡᠨ ᠤ ᠬᠥᠮᠥᠷᠭᠡ ᠳᠤ ᠣᠷᠣᠬᠤ ᠪᠣᠯᠪᠠᠰᠤᠷᠠᠯ ᠵᠢᠴᠢ ᠰᠢᠯᠭᠠᠯᠲᠠ ᠳᠤ ᠣᠷᠣᠯᠴᠠᠬᠤ ᠶᠢ ᠮᠡᠳᠡᠭᠳᠡᠨ᠎ᠡ᠃ 

       ︵ᠳᠥᠷᠪᠡ︶ ᠬᠥᠮᠥᠷᠭᠡ ᠳᠤ ᠣᠷᠣᠬᠤ ᠶᠢ ᠨᠤᠲᠠᠯᠠᠬᠤ᠃ ᠪᠣᠯᠪᠠᠰᠤᠷᠠᠯ ᠪᠠ ᠰᠢᠯᠭᠠᠯᠲᠠ ᠳᠤ ᠬᠢᠷᠢ ᠲᠡᠩᠴᠡᠭᠰᠡᠨ ᠭᠤᠶᠤᠴᠢᠯᠠᠭᠴᠢ ᠶᠢ᠂ ᠵᠠᠰᠠᠭ ᠵᠠᠬᠢᠷᠭᠠᠨ ᠤ

ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠤᠨ ᠨᠤᠲᠠᠯᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠲᠤᠰᠬᠠᠢ

ᠮᠡᠷᠭᠡᠵᠢᠯᠲᠡᠨ ᠤ ᠬᠥᠮᠥᠷᠭᠡ ᠳᠤ ᠰᠣᠩᠭᠤᠵᠤ ᠣᠷᠣᠭᠤᠯᠤᠨ᠎ᠠ᠃

       ᠠᠷᠪᠠᠨ ᠭᠤᠷᠪᠠᠳᠤᠭᠠᠷ ᠵᠦᠢᠯ ᠲᠤᠰᠬᠠᠢ ᠮᠡᠷᠭᠡᠵᠢᠯᠲᠡᠨ ᠤ ᠪᠠᠶᠢᠭ᠎ᠠ ᠨᠢᠭᠡᠴᠢ ᠨᠢ ᠲᠤᠰᠬᠠᠢ ᠮᠡᠷᠭᠡᠵᠢᠯᠲᠡᠨ ᠤ ᠳᠠᠭᠠᠭᠠᠴᠢᠯᠠᠯᠲᠠ ᠬᠢᠨᠠᠨ ᠦᠨᠡᠯᠡᠬᠦ

ᠠᠵᠢᠯᠯᠠᠭ᠎ᠠ ᠳᠤ ᠣᠷᠣᠯᠴᠠᠬᠤ᠂ ᠬᠠᠮᠢᠶ᠎ᠠ ᠪᠦᠬᠦᠢ ᠪᠣᠯᠪᠠᠰᠤᠷᠠᠯ ᠪᠠ ᠦᠷᠭᠦᠯᠵᠢᠯᠡᠭᠰᠡᠨ ᠰᠤᠷᠭᠠᠨ ᠬᠥᠮᠥᠵᠢᠯ ᠬᠦᠷᠲᠡᠬᠦ ᠳᠤ ᠨᠢ ᠳᠡᠮᠵᠢᠬᠦ ᠬᠡᠷᠡᠭᠲᠡᠢ᠃

       ᠠᠷᠪᠠᠨ ᠳᠥᠷᠪᠡᠳᠦᠭᠡᠷ ᠵᠦᠢᠯ ᠲᠤᠰᠬᠠᠢ ᠮᠡᠷᠭᠡᠵᠢᠯᠲᠡᠨ ᠤ ᠬᠤᠪᠢ ᠬᠥᠮᠥᠨ ᠤ ᠮᠡᠳᠡᠭᠡ ᠵᠠᠩᠬᠢ ᠨᠢ ᠬᠤᠪᠢᠷᠠᠯᠲᠠ ᠭᠠᠷᠪᠠᠯ᠂ ᠴᠠᠭ ᠲᠤᠬᠠᠢ ᠳᠤ ᠨᠢ ᠵᠠᠰᠠᠪᠤᠷᠢ

ᠣᠷᠣᠭᠤᠯᠬᠤ ᠬᠡᠷᠡᠭᠲᠡᠢ᠃ ᠵᠠᠰᠠᠪᠤᠷᠢ ᠣᠷᠣᠭᠤᠯᠬᠤ ᠶᠢ ᠥᠪᠡᠷᠲᠡᠭᠡᠨ ᠵᠠᠰᠠᠪᠤᠷᠢ ᠣᠷᠣᠭᠤᠯᠬᠤ ᠪᠠ ᠬᠢᠨᠠᠨ ᠬᠠᠷᠭᠤᠭᠤᠯᠤᠭᠠᠳ ᠵᠠᠰᠠᠪᠤᠷᠢ ᠣᠷᠣᠭᠤᠯᠬᠤ ᠭᠡᠵᠦ

ᠬᠤᠪᠢᠶᠠᠨ᠎ᠡ᠃

       ᠥᠪᠡᠷᠲᠡᠭᠡᠨ ᠵᠠᠰᠠᠪᠤᠷᠢ ᠣᠷᠣᠭᠤᠯᠬᠤ ᠮᠡᠳᠡᠭᠡ ᠵᠠᠩᠬᠢ ᠳᠤ᠄ ᠲᠤᠰᠬᠠᠢ ᠮᠡᠷᠭᠡᠵᠢᠯᠲᠡᠨ ᠤ ᠦᠨᠳᠦᠰᠦᠨ ᠮᠡᠳᠡᠭᠡ ᠵᠠᠩᠬᠢ᠂ ᠠᠵᠢᠯ ᠤᠨ ᠲᠣᠪᠴᠢ ᠨᠠᠮᠲᠠᠷ ᠤᠨ

ᠮᠡᠳᠡᠭᠡ ᠵᠠᠩᠬᠢ ᠪᠠᠭᠲᠠᠨ᠎ᠠ᠃

       ᠬᠢᠨᠠᠨ ᠬᠠᠷᠭᠤᠭᠤᠯᠤᠭᠠᠳ ᠵᠠᠰᠠᠪᠤᠷᠢ ᠣᠷᠣᠭᠤᠯᠬᠤ ᠮᠡᠳᠡᠭᠡ ᠵᠠᠩᠬᠢ ᠳᠤ᠄ ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠬᠢ᠂ ᠳᠠᠭᠠᠭᠠᠴᠢᠯᠠᠯᠲᠠ ᠦᠨᠡᠯᠡᠬᠦ

ᠲᠤᠰᠬᠠᠢ ᠮᠡᠷᠭᠡᠵᠢᠯ ᠤᠨ ᠮᠡᠳᠡᠭᠡ ᠵᠠᠩᠬᠢ᠂ ᠮᠡᠷᠭᠡᠵᠢᠯ ᠤᠨ ᠴᠣᠯᠠ ᠶᠢᠨ ᠦᠨᠡᠮᠯᠡᠯ ᠤᠨ ᠮᠡᠳᠡᠭᠡ ᠵᠠᠩᠬᠢ᠂ ᠠᠵᠢᠯ ᠡᠷᠬᠢᠯᠡᠬᠦ ᠬᠢᠷᠢ ᠭᠡᠮ ᠤᠨ ᠦᠨᠡᠮᠯᠡᠯ ᠤᠨ ᠮᠡᠳᠡᠭᠡ

ᠵᠠᠩᠬᠢ᠂ ᠵᠠᠶᠢᠯᠠᠭᠤᠯᠬᠤ ᠨᠢᠭᠡᠴᠢ ᠶᠢᠨ ᠮᠡᠳᠡᠭᠡ ᠵᠠᠩᠬᠢ ᠵᠡᠷᠭᠡ ᠪᠠᠭᠲᠠᠨ᠎ᠠ᠃

       ᠠᠷᠪᠠᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠬᠥᠮᠥᠷᠭᠡ ᠠᠴᠠ ᠲᠤᠰᠬᠠᠢ ᠮᠡᠷᠭᠡᠵᠢᠯᠲᠡᠨ ᠤ ᠡᠯᠧᠺᠳ᠋ᠷᠣᠨ ᠳᠠᠩᠰᠠ

ᠡᠪᠬᠡᠮᠡᠯ ᠢ ᠪᠠᠶᠢᠭᠤᠯᠤᠨ᠎ᠠ᠂ ᠠᠭᠤᠯᠭ᠎ᠠ ᠳᠤ ᠨᠢ᠄ ᠦᠨᠳᠦᠰᠦᠨ ᠮᠡᠳᠡᠭᠡ ᠵᠠᠩᠬᠢ᠂ ᠬᠥᠮᠥᠷᠭᠡ ᠳᠤ ᠣᠷᠣᠬᠤ ᠶᠢ ᠭᠤᠶᠤᠴᠢᠯᠠᠬᠤ ᠬᠦᠰᠦᠨᠦᠭᠲᠦ᠂ ᠲᠤᠰᠬᠠᠢ

ᠮᠡᠷᠭᠡᠵᠢᠯ ᠤᠨ ᠠᠵᠢᠯ ᠢ ᠬᠢᠭᠰᠡᠨ ᠪᠠᠶᠢᠳᠠᠯ ᠪᠠ ᠲᠣᠪᠴᠢ ᠨᠠᠮᠲᠠᠷ᠂ ᠬᠢᠷᠢ ᠭᠡᠮ ᠤᠨ ᠬᠢᠨᠠᠨ ᠪᠠᠶᠢᠴᠠᠭᠠᠯᠲᠠ᠂ ᠪᠣᠯᠪᠠᠰᠤᠷᠠᠯ ᠰᠢᠯᠭᠠᠨ ᠬᠢᠨᠠᠯᠲᠠ᠂ ᠳᠠᠭᠠᠭᠠᠴᠢᠯᠠᠯᠲᠠ

ᠬᠢᠨᠠᠨ ᠦᠨᠡᠯᠡᠬᠦ ᠠᠵᠢᠯ ᠳᠤ ᠣᠷᠣᠯᠴᠠᠭᠰᠠᠨ ᠪᠠᠶᠢᠳᠠᠯ᠂ ᠢᠲᠡᠭᠡᠮᠵᠢ ᠶᠢᠨ ᠠᠮᠠᠯᠠᠯᠲᠠ᠂ ᠢᠲᠡᠭᠡᠮᠵᠢ ᠶᠢᠨ ᠦᠨᠡᠯᠡᠯᠲᠡ ᠶᠢᠨ ᠪᠠᠶᠢᠳᠠᠯ ᠵᠡᠷᠭᠡ ᠬᠠᠮᠢᠶ᠎ᠠ ᠪᠦᠬᠦᠢ ᠮᠡᠳᠡᠭᠡ

ᠵᠠᠩᠬᠢ ᠪᠠᠭᠲᠠᠨ᠎ᠠ᠃

       ᠠᠷᠪᠠᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠮᠡᠳᠡᠭᠡ ᠵᠠᠩᠬᠢ ᠶᠢ ᠴᠢᠩᠭ᠎ᠠ ᠨᠢᠭᠤᠴᠠᠯᠠᠨ

ᠬᠠᠮᠠᠭᠠᠯᠠᠬᠤ ᠬᠡᠷᠡᠭᠲᠡᠢ᠂ ᠠᠵᠢᠯ ᠤᠨ ᠬᠡᠷᠡᠭᠴᠡᠭᠡ ᠠᠴᠠ ᠭᠠᠳᠠᠨ᠎ᠠ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠬᠠᠮᠢᠶ᠎ᠠ ᠪᠦᠬᠦᠢ ᠮᠡᠳᠡᠭᠡ ᠵᠠᠩᠬᠢ ᠶᠢᠨ ᠲᠤᠭ᠎ᠠ

ᠪᠠᠷᠢᠮᠲᠠ ᠶᠢ ᠬᠠᠶᠢᠵᠤ ᠯᠠᠪᠯᠠᠬᠤ᠂ ᠵᠠᠰᠠᠪᠤᠷᠢ ᠣᠷᠣᠭᠤᠯᠬᠤ᠂ ᠰᠢᠯᠵᠢᠭᠦᠯᠦᠨ ᠭᠠᠷᠭᠠᠵᠤ ᠪᠣᠯᠬᠤ ᠦᠭᠡᠢ᠃

       ᠳᠥᠷᠪᠡᠳᠦᠭᠡᠷ ᠪᠦᠯᠦᠭ ᠲᠤᠰᠬᠠᠢ ᠮᠡᠷᠭᠡᠵᠢᠯᠲᠡᠨ ᠤ ᠡᠷᠬᠡ ᠪᠠ ᠡᠭᠦᠷᠭᠡ

       ᠠᠷᠪᠠᠨ ᠳᠣᠯᠣᠳᠤᠭᠠᠷ ᠵᠦᠢᠯ ᠲᠤᠰᠬᠠᠢ ᠮᠡᠷᠭᠡᠵᠢᠯᠲᠡᠨ ᠳᠣᠣᠷ᠎ᠠ ᠵᠢᠭᠰᠠᠭᠠᠭᠰᠠᠨ ᠡᠷᠬᠡ ᠶᠢ ᠡᠳ᠋ᠯᠡᠨ᠎ᠡ᠄

       ︵ᠨᠢᠭᠡ︶ ᠳᠠᠭᠠᠭᠠᠴᠢᠯᠠᠯᠲᠠ ᠵᠠᠷᠯᠠᠭᠴᠢ ᠶᠢᠨ ᠤᠷᠢᠯᠭ᠎ᠠ ᠶᠢ ᠬᠦᠯᠢᠶᠡᠨ᠂ ᠳᠠᠭᠠᠭᠠᠴᠢᠯᠠᠯᠲᠠ ᠬᠢᠨᠠᠨ ᠦᠨᠡᠯᠡᠬᠦ ᠺᠣᠮᠢᠰ ᠤᠨ ᠪᠦᠷᠢᠯᠳᠦᠭᠦᠨ ᠤ ᠠᠵᠢᠯ ᠢ

ᠡᠭᠦᠷᠬᠡᠯᠡᠬᠦ︔

       ︵ᠬᠤᠶᠠᠷ︶ ᠳᠠᠭᠠᠭᠠᠴᠢᠯᠠᠯᠲᠠ ᠵᠠᠷᠯᠠᠭᠰᠠᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠪᠠᠷᠢᠮᠵᠢᠶ᠎ᠠ ᠪᠠ ᠠᠷᠭ᠎ᠠ ᠪᠠᠷᠢᠯ ᠶᠣᠰᠣᠭᠠᠷ ᠲᠤᠰᠠᠭᠠᠷ

ᠳᠠᠭᠠᠭᠠᠴᠢᠯᠠᠯᠲᠠ ᠬᠢᠨᠠᠨ ᠦᠨᠡᠯᠡᠬᠦ ᠶᠢᠨ ᠬᠠᠮᠲᠤ ᠰᠠᠨᠠᠯ ᠳᠤᠷᠠᠳᠴᠤ᠂ ᠶᠠᠮᠠᠷᠪᠠ ᠨᠢᠭᠡᠴᠢ ᠪᠠ ᠬᠤᠪᠢ ᠬᠥᠮᠥᠨ ᠤ ᠬᠠᠤᠯᠢ ᠪᠤᠰᠤ ᠨᠥᠯᠥᠭᠡ ᠪᠤᠶᠤ ᠭᠠᠷ ᠳᠦᠷᠦᠬᠦ

ᠠᠵᠢᠯᠯᠠᠭ᠎ᠠ ᠳᠤ ᠨᠥᠯᠥᠭᠡᠯᠡᠭᠳᠡᠬᠦ ᠦᠭᠡᠢ ᠪᠠᠶᠢᠬᠤ︔

       ︵ᠭᠤᠷᠪᠠ︶ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠲᠤ ᠳᠠᠭᠠᠭᠠᠴᠢᠯᠠᠯᠲᠠ ᠬᠢᠨᠠᠨ ᠦᠨᠡᠯᠡᠬᠦ ᠠᠵᠢᠯᠯᠠᠭᠠᠨ ᠤ

ᠳᠤᠮᠳᠠ ᠣᠷᠣᠰᠢᠵᠤ ᠪᠠᠶᠢᠭ᠎ᠠ ᠬᠠᠤᠯᠢ ᠠᠴᠠ ᠵᠥᠷᠢᠴᠡᠭᠰᠡᠨ᠂ ᠲᠣᠭᠲᠠᠭᠠᠯ ᠠᠴᠠ ᠵᠥᠷᠢᠴᠡᠭᠰᠡᠨ ᠪᠤᠶᠤ ᠲᠥᠪ ᠭᠤᠣᠯᠴᠢ ᠪᠤᠰᠤ ᠦᠢᠯᠡ ᠠᠵᠢᠯᠯᠠᠭ᠎ᠠ ᠶᠢ ᠢᠯᠡᠴᠢᠯᠡᠨ

ᠮᠡᠳᠡᠭᠦᠯᠬᠦ︔

       ︵ᠳᠥᠷᠪᠡ︶ ᠳᠠᠭᠠᠭᠠᠴᠢᠯᠠᠯᠲᠠ ᠬᠢᠨᠠᠨ ᠦᠨᠡᠯᠡᠭᠰᠡᠨ ᠬᠥᠳᠡᠯᠮᠦᠷᠢ ᠦᠢᠯᠡᠴᠢᠯᠡᠭᠡᠨ ᠤ ᠬᠠᠷᠠᠮᠵᠢ ᠶᠢ ᠬᠦᠯᠢᠶᠡᠬᠦ︔

       ︵ᠲᠠᠪᠤ︶ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠠᠴᠠ ᠭᠠᠷᠭᠠᠭᠰᠠᠨ ᠨᠥᠯᠥᠭᠡ ᠮᠠᠭᠤᠲᠠᠢ ᠦᠢᠯᠡ

ᠠᠵᠢᠯᠯᠠᠭ᠎ᠠ ᠶᠢ ᠰᠢᠢᠳᠪᠦᠷᠢᠯᠡᠭᠰᠡᠨ ᠰᠢᠢᠳᠪᠦᠷᠢ ᠳᠤ ᠭᠤᠮᠣᠳᠠᠯ ᠲᠣᠭᠠᠴᠢᠯᠲᠠ ᠳᠤᠷᠠᠳᠬᠤ ᠡᠷᠬᠡ ᠲᠠᠢ︔

       ︵ᠵᠢᠷᠭᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠲᠣᠭᠲᠠᠭᠠᠯ ᠳᠦᠷᠢᠮ ᠳᠤ ᠲᠣᠭᠲᠠᠭᠠᠭᠰᠠᠨ ᠪᠤᠰᠤᠳ ᠡᠷᠬᠡ ᠠᠰᠢᠭ᠃

       ᠠᠷᠪᠠᠨ ᠨᠠᠢᠮᠠᠳᠤᠭᠠᠷ ᠵᠦᠢᠯ ᠲᠤᠰᠬᠠᠢ ᠮᠡᠷᠭᠡᠵᠢᠯᠲᠡᠨ ᠳᠣᠣᠷ᠎ᠠ ᠵᠢᠭᠰᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠢ᠄

       ︵ᠨᠢᠭᠡ︶ ᠲᠤᠬᠠᠶᠢᠯᠠᠭᠰᠠᠨ ᠠᠵᠢᠯ ᠤᠨ ᠰᠠᠬᠢᠯᠭ᠎ᠠ ᠵᠢᠷᠤᠮ ᠢ ᠬᠢᠴᠢᠶᠡᠩᠭᠦ᠋ᠢᠯᠡᠨ ᠰᠠᠬᠢᠵᠤ᠂ ᠳᠠᠭᠠᠭᠠᠴᠢᠯᠠᠯᠲᠠ ᠬᠢᠨᠠᠨ ᠦᠨᠡᠯᠡᠬᠦ ᠬᠠᠤᠯᠢ ᠴᠠᠭᠠᠵᠠ ᠬᠠᠤᠯᠢ

ᠲᠣᠭᠲᠠᠭᠠᠯ ᠪᠠ ᠬᠤᠯᠪᠣᠭᠳᠠᠯ ᠪᠦᠬᠦᠢ ᠠᠵᠢᠯ ᠤᠨ ᠰᠠᠬᠢᠯᠭ᠎ᠠ ᠪᠠᠲᠤ ᠶᠢ ᠵᠢᠷᠤᠮᠯᠠᠨ ᠰᠠᠬᠢᠵᠤ᠂ ᠬᠠᠤᠯᠢ ᠲᠣᠭᠲᠠᠭᠠᠯ ᠢᠶᠠᠷ ᠵᠠᠶᠢᠯᠠᠬᠤ ᠴᠢᠬᠤᠯᠠᠲᠠᠢ ᠪᠣᠯ

ᠰᠠᠨᠠᠭᠠᠴᠢᠯᠠᠭ᠎ᠠ ᠠᠴᠠ ᠪᠠᠨ ᠵᠠᠶᠢᠯᠠᠬᠤ ᠳᠤᠷᠠᠳᠤᠯᠭ᠎ᠠ ᠭᠠᠷᠭᠠᠬᠤ ᠬᠡᠷᠡᠭᠲᠡᠢ︔

       ︵ᠬᠤᠶᠠᠷ︶ ᠡᠷᠬᠡ ᠲᠡᠭᠰᠢ᠂ ᠲᠥᠪ ᠭᠤᠣᠯᠴᠢ᠂ ᠰᠢᠨᠵᠢᠯᠡᠬᠦ ᠤᠬᠠᠭᠠᠨᠴᠢ᠂ ᠰᠢᠯᠢᠳᠡᠭ ᠢ ᠨᠢ ᠰᠣᠩᠭᠤᠬᠤ ᠵᠠᠷᠴᠢᠮ ᠢ ᠵᠢᠷᠤᠮᠯᠠᠵᠤ᠂ ᠲᠣᠭᠲᠠᠭᠠᠭᠰᠠᠨ ᠳᠡᠰ

ᠳᠠᠷᠠᠭᠠᠯᠠᠯ᠂ ᠪᠠᠷᠢᠮᠵᠢᠶ᠎ᠠ ᠪᠠ ᠠᠷᠭ᠎ᠠ ᠪᠠᠷᠢᠯ ᠢ ᠦᠨᠳᠦᠰᠦᠯᠡᠵᠦ ᠲᠤᠰᠠᠭᠠᠷ ᠳᠠᠭᠠᠭᠠᠴᠢᠯᠠᠯᠲᠠ ᠬᠢᠨᠠᠨ ᠦᠨᠡᠯᠡᠬᠦ ᠶᠢᠨ ᠬᠠᠮᠲᠤ ᠳᠠᠭᠠᠭᠠᠴᠢᠯᠠᠯᠲᠠ ᠬᠢᠨᠠᠨ ᠦᠨᠡᠯᠡᠬᠦ ᠳᠤ

ᠳᠤᠷᠠᠳᠤᠭᠰᠠᠨ ᠰᠠᠨᠠᠯ ᠳᠤ ᠪᠠᠨ ᠬᠤᠪᠢ ᠬᠦᠮᠦᠡ ᠤ ᠬᠠᠷᠢᠭᠤᠴᠠᠯᠭ᠎ᠠ ᠡᠭᠦᠷᠬᠡᠯᠡᠨ᠎ᠡ︔

       ︵ᠭᠤᠷᠪᠠ︶ ᠳᠠᠭᠠᠭᠠᠴᠢᠯᠠᠯᠲᠠ ᠬᠢᠨᠠᠨ ᠦᠨᠡᠯᠡᠬᠦ ᠶᠠᠪᠤᠴᠠ ᠶᠢᠨ ᠨᠢᠭᠤᠴᠠ ᠶᠢ ᠬᠠᠮᠠᠭᠠᠯᠠᠨ᠎ᠠ︔

       ︵ᠳᠥᠷᠪᠡ︶ ᠳᠠᠭᠠᠭᠠᠴᠢᠯᠠᠯᠲᠠ ᠬᠢᠨᠠᠨ ᠦᠨᠡᠯᠡᠬᠦ ᠠᠵᠢᠯ ᠤᠨ ᠰᠠᠬᠢᠯᠭ᠎ᠠ ᠪᠠᠲᠤ ᠶᠢ ᠵᠢᠷᠤᠮᠯᠠᠨ ᠰᠠᠬᠢᠵᠤ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ

ᠬᠢᠨᠠᠯᠲᠠ ᠲᠠᠯᠪᠢᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠬᠦᠯᠢᠶᠡᠨ᠎ᠡ︔

       ︵ᠲᠠᠪᠤ︶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠭᠰᠡᠨ ᠵᠢᠴᠢ ᠳᠠᠭᠠᠭᠠᠴᠢᠯᠠᠯᠲᠠ ᠬᠢᠨᠠᠨ ᠦᠨᠡᠯᠡᠬᠦ ᠶᠠᠪᠤᠴᠠ ᠪᠠ ᠦᠷ᠎ᠡ

ᠳ᠋ᠦᠩ ᠨᠢ ᠬᠠᠤᠯᠢ ᠪᠤᠰᠤ ᠨᠥᠯᠥᠭᠡ ᠪᠤᠶᠤ ᠭᠠᠷ ᠳᠦᠷᠦᠬᠦ ᠠᠵᠢᠯᠯᠠᠭ᠎ᠠ ᠳᠤ ᠨᠥᠯᠥᠭᠡᠯᠡᠭᠳᠡᠭᠰᠡᠨ ᠪᠠᠶᠢᠪᠠᠯ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ

ᠲᠠᠯᠪᠢᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠦᠨ᠎ᠡ︔

       ︵ᠵᠢᠷᠭᠤᠭ᠎ᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠵᠤ ᠪᠠᠶᠢᠭᠠᠳ ᠳᠠᠭᠠᠭᠠᠴᠢᠯᠠᠯᠲᠠ ᠬᠢᠨᠠᠨ ᠦᠨᠡᠯᠡᠭᠰᠡᠨ ᠦᠷ᠎ᠡ ᠳ᠋ᠦᠩ ᠤᠨ

ᠲᠠᠯ᠎ᠠ ᠪᠠᠷ ᠣᠨᠳᠣᠣ ᠰᠠᠨᠠᠯ ︵ᠰᠡᠵᠢᠭᠯᠡᠯ︶ ᠳᠤᠷᠠᠳᠤᠭᠰᠠᠨ᠂ ᠵᠠᠭᠠᠯᠳᠤᠭᠰᠠᠨ᠂ ᠢᠯᠡᠴᠢᠯᠡᠨ ᠮᠡᠳᠡᠭᠦᠯᠦᠭᠰᠡᠨ ᠵᠡᠷᠭᠡ ᠶᠢᠨ ᠳᠠᠬᠢᠨ ᠬᠠᠷᠭᠤᠭᠤᠯᠬᠤ᠂ ᠳᠠᠬᠢᠨ ᠬᠢᠨᠠᠬᠤ

ᠵᠡᠷᠭᠡ ᠵᠦᠢᠯᠡᠰ ᠲᠤ ᠬᠠᠷᠢᠭᠤᠯᠲᠠ ᠥᠭᠬᠦ︔

       ︵ᠳᠣᠯᠤᠭ᠎ᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠭᠰᠠᠨ ᠬᠥᠮᠥᠵᠢᠯ ᠪᠣᠯᠪᠠᠰᠤᠷᠠᠯ ᠪᠠ ᠰᠢᠯᠭᠠᠨ ᠬᠢᠨᠠᠵᠤ ᠦᠨᠡᠯᠡᠯᠲᠡ ᠬᠢᠬᠦ

ᠠᠵᠢᠯ ᠳᠤ ᠣᠷᠣᠯᠴᠠᠨ᠎ᠠ︔

       ︵ᠨᠠᠢᠮᠠ︶ ᠬᠤᠪᠢ ᠬᠥᠮᠥᠨ ᠤ ᠮᠡᠳᠡᠭᠡ ᠵᠠᠩᠬᠢ ᠪᠠᠨ ᠦᠨᠡᠨ ᠪᠣᠳᠠᠲᠠᠢ ᠪᠠᠷ ᠲᠠᠭᠯᠠᠨ ᠮᠡᠳᠡᠭᠦᠯᠬᠦ ᠶᠢᠨ ᠬᠠᠮᠲᠤ ᠴᠠᠭ ᠲᠤᠬᠠᠢ ᠳᠤ ᠨᠢ ᠵᠠᠰᠠᠪᠤᠷᠢᠯᠠᠨ᠎ᠠ︔

       ︵ᠶᠢᠰᠦ︶ ᠬᠠᠤᠯᠢ ᠴᠠᠭᠠᠵᠠ ᠬᠠᠤᠯᠢ ᠲᠣᠭᠲᠠᠭᠠᠯ ᠲᠣᠭᠲᠠᠭᠠᠯ ᠳᠦᠷᠢᠮ ᠳᠤ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃

       ᠠᠷᠪᠠ ᠶᠢᠰᠦᠳᠦᠭᠡᠷ ᠵᠦᠢᠯ ᠲᠤᠰᠬᠠᠢ ᠮᠡᠷᠭᠡᠵᠢᠯᠲᠡᠨ ᠨᠢ ᠠᠵᠢᠯ ᠠᠯᠪᠠ᠂ ᠪᠡᠶ᠎ᠡ ᠮᠠᠬᠠᠪᠤᠳ ᠤᠨ ᠵᠡᠷᠭᠡ ᠰᠢᠯᠲᠠᠭᠠᠨ ᠠᠴᠠ ᠪᠣᠯᠵᠤ᠂ ᠣᠬᠤᠷ

ᠬᠤᠭᠤᠴᠠᠭᠠᠨ ᠳᠤ ᠳᠠᠭᠠᠭᠠᠴᠢᠯᠠᠯᠲᠠ ᠬᠢᠨᠠᠨ ᠦᠨᠡᠯᠡᠬᠦ ᠠᠵᠢᠯᠯᠠᠭ᠎ᠠ ᠳᠤ ᠣᠷᠣᠯᠴᠠᠵᠤ ᠳᠡᠶᠢᠯᠬᠦ ᠦᠭᠡᠢ ᠪᠣᠯ᠂ ᠲᠤᠰᠬᠠᠢ ᠮᠡᠷᠭᠡᠵᠢᠯᠲᠡᠨ ᠤ ᠬᠤᠪᠢ ᠬᠥᠮᠥᠨ ᠤ

ᠰᠦᠯᠵᠢᠶᠡᠨ ᠨᠢᠭᠤᠷ ᠲᠤ ᠤᠷᠢᠳᠴᠢᠯᠠᠨ ᠴᠢᠯᠦᠭᠡ ᠭᠤᠶᠣᠵᠤ ᠥᠩᠭᠡᠷᠡᠭᠰᠡᠨ ᠬᠤᠶᠢᠨ᠎ᠠ ᠥᠪᠡᠰᠦᠪᠡᠨ ᠴᠢᠯᠦᠭᠡ ᠪᠠᠨ ᠲᠠᠶᠢᠯᠬᠤ ᠬᠡᠷᠡᠭᠲᠡᠢ᠃

       ᠬᠤᠷᠢᠳᠤᠭᠠᠷ ᠵᠦᠢᠯ ᠲᠤᠰᠬᠠᠢ ᠮᠡᠷᠭᠡᠵᠢᠯᠲᠡᠨ ᠳᠣᠣᠷ᠎ᠠ ᠵᠢᠭᠰᠠᠭᠠᠭᠰᠠᠨ ᠠᠵᠢᠯ ᠤᠨ ᠰᠠᠬᠢᠯᠭ᠎ᠠ ᠪᠠᠲᠤ ᠶᠢ ᠵᠢᠷᠤᠮᠯᠠᠨ ᠰᠠᠬᠢᠬᠤ ᠬᠡᠷᠡᠭᠲᠡᠢ᠄

       ︵ᠨᠢᠭᠡ︶ ᠤᠷᠢᠯᠭ᠎ᠠ ᠶᠢ ᠬᠦᠯᠢᠶᠡᠭᠡᠳ᠂ ᠤᠴᠢᠷ ᠰᠢᠯᠲᠠᠭᠠᠨ ᠠᠴᠠ ᠪᠣᠯᠵᠤ ᠳᠠᠭᠠᠭᠠᠴᠢᠯᠠᠯᠲᠠ ᠬᠢᠨᠠᠨ ᠦᠨᠡᠯᠡᠬᠦ ᠠᠵᠢᠯᠯᠠᠭ᠎ᠠ ᠳᠤ ᠣᠷᠣᠯᠴᠠᠵᠤ ᠳᠡᠶᠢᠯᠬᠦ

ᠦᠭᠡᠢ ᠪᠣᠯ ᠲᠣᠭᠲᠠᠭᠠᠭᠰᠠᠨ ᠨᠡᠷ᠎ᠡ ᠪᠦᠷᠢᠳᠭᠡᠭᠦᠯᠬᠦ ᠴᠠᠭ ᠠᠴᠠ ᠡᠮᠦᠨ᠎ᠡ ᠴᠠᠭ ᠲᠤᠬᠠᠢ ᠳᠤ ᠨᠢ ᠴᠢᠯᠦᠭᠡ ᠭᠤᠶᠣᠬᠤ ᠬᠡᠷᠡᠭᠲᠡᠢ︔

       ︵ᠬᠤᠶᠠᠷ︶ ᠱᠠᠭᠠᠷᠳᠠᠯᠭ᠎ᠠ ᠶᠣᠰᠣᠭᠠᠷ ᠲᠣᠭᠲᠠᠭᠰᠠᠨ ᠭᠠᠵᠠᠷ ᠲᠤ ᠴᠠᠭ ᠲᠤ ᠪᠠᠨ ᠬᠦᠷᠴᠦ᠂ ᠲᠣᠭᠲᠠᠭᠰᠠᠨ ᠨᠡᠷ᠎ᠡ ᠪᠦᠷᠢᠳᠭᠡᠭᠦᠯᠬᠦ ᠴᠠᠭ ᠠᠴᠠ ᠪᠠᠨ 1 ᠴᠠᠭ

ᠬᠤᠵᠢᠮᠳᠠᠭᠠᠳ ︵1 ᠴᠠᠭ ᠢ ᠪᠠᠭᠲᠠᠭᠠᠵᠤ᠂ ᠡᠯ᠎ᠡ ᠠᠶᠢᠮᠠᠭ ᠬᠤᠲᠠ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠥᠪᠡᠰᠦᠪᠡᠨ ᠲᠣᠬᠢᠷᠠᠭᠤᠯᠵᠤ ᠪᠣᠯᠣᠨ᠎ᠠ︶ ᠮᠥᠨ

ᠴᠦ ᠲᠤᠬᠠᠢ ᠶᠢᠨ ᠲᠠᠯᠠᠪᠠᠢ ᠳᠤ ᠬᠥᠷᠥᠭᠰᠡᠨ ᠦᠭᠡᠢ ᠪᠠᠶᠢᠪᠠᠯ᠂ ᠤᠴᠢᠷ ᠰᠢᠯᠲᠠᠭᠠᠨ ᠦᠭᠡᠢ ᠪᠠᠷ ᠰᠠᠭᠠᠲᠠᠭᠰᠠᠨ ᠢᠶᠠᠷ ᠰᠢᠢᠳᠪᠦᠷᠢᠯᠡᠨ᠂ ᠲᠣᠰ ᠤᠳᠠᠭᠠᠨ ᠤ ᠲᠥᠷᠥᠯ

ᠵᠦᠢᠯ ᠤᠨ ᠳᠠᠭᠠᠭᠠᠴᠢᠯᠠᠯᠲᠠ ᠬᠢᠨᠠᠨ ᠦᠨᠡᠯᠡᠬᠦ ᠬᠢᠷᠢ ᠭᠡᠮ ᠢ ᠨᠢ ᠬᠠᠰᠤᠨ᠎ᠠ︔

       ︵ᠭᠤᠷᠪᠠ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠵᠢᠯᠯᠠᠭᠤᠯᠵᠤ ᠦᠢᠯᠡᠴᠢᠯᠡᠬᠦ ᠪᠠᠶᠢᠭᠤᠯᠤᠮᠵᠢ ᠶᠢᠨ ᠳᠠᠭᠠᠭᠠᠴᠢᠯᠠᠯᠲᠠ

ᠬᠢᠨᠠᠨ ᠦᠨᠡᠯᠡᠬᠦ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠶᠢ ᠳᠠᠭᠠᠨ᠎ᠠ︔

       ︵ᠳᠥᠷᠪᠡ︶ ᠳᠠᠭᠠᠭᠠᠴᠢᠯᠠᠯᠲᠠ ᠬᠢᠨᠠᠨ ᠦᠨᠡᠯᠡᠬᠦ ᠣᠷᠣᠨ ᠬᠡᠪᠴᠢᠶᠡᠨ ᠳᠤ ᠣᠷᠣᠬᠤ ᠠᠴᠠ ᠡᠮᠦᠨ᠎ᠡ᠂ ᠱᠠᠭᠠᠷᠳᠠᠯᠭ᠎ᠠ ᠶᠣᠰᠣᠭᠠᠷ ᠪᠡᠶ᠎ᠡ ᠭᠡᠮ ᠤᠨ ᠮᠡᠳᠡᠭᠡ

ᠵᠠᠩᠬᠢ ᠪᠠᠨ ᠨᠤᠲᠠᠯᠠᠭᠤᠯᠬᠤ ᠶᠢᠨ ᠬᠠᠮᠲᠤ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ︵ᠡᠯᠧᠺᠳ᠋ᠷᠣᠨ ᠲᠥᠬᠦᠭᠡᠷᠦᠮᠵᠢ᠂ ᠰᠢᠯᠵᠢᠮᠡᠯ ᠬᠠᠳᠠᠭᠠᠯᠠᠬᠤ ᠲᠥᠬᠦᠭᠡᠷᠦᠮᠵᠢ

ᠵᠡᠷᠭᠡ ᠶᠢ ᠪᠠᠭᠲᠠᠭᠠᠨ᠎ᠠ︶ ᠢᠶᠠᠨ ᠬᠠᠳᠠᠭᠠᠯᠠᠭᠤᠯᠬᠤ ᠬᠡᠷᠡᠭᠲᠡᠢ︔

       ︵ᠲᠠᠪᠤ︶ ᠪᠤᠰᠤᠳ ᠬᠥᠮᠥᠨ ᠳᠤ ᠨᠠᠶᠢᠳᠠᠬᠤ ᠪᠤᠶᠤ ᠳᠠᠭᠠᠭᠠᠴᠢᠯᠠᠯᠲᠠ ᠵᠠᠷᠯᠠᠭᠴᠢ ᠠᠴᠠ ᠭᠠᠳᠠᠨᠠᠬᠢ ᠬᠥᠮᠥᠨ ᠤ ᠨᠠᠶᠢᠳᠠᠯᠭ᠎ᠠ ᠪᠠᠷ ᠳᠠᠭᠠᠭᠠᠴᠢᠯᠠᠯᠲᠠ ᠬᠢᠨᠠᠨ

ᠦᠨᠡᠯᠡᠬᠦ ᠠᠵᠢᠯᠯᠠᠭ᠎ᠠ ᠳᠤ ᠣᠷᠣᠯᠴᠠᠵᠤ ᠪᠣᠯᠬᠤ ᠦᠭᠡᠢ︔

       ︵ᠵᠢᠷᠭᠤᠭ᠎ᠠ︶ ᠳᠠᠭᠠᠭᠠᠴᠢᠯᠠᠯᠲᠠ ᠬᠢᠨᠠᠨ ᠦᠨᠡᠯᠡᠬᠦ ᠺᠣᠮᠢᠰ ᠤᠨ ᠪᠤᠰᠤᠳ ᠪᠦᠷᠢᠯᠳᠦᠭᠦᠨ ᠤ ᠲᠤᠰᠠᠭᠠᠷ ᠬᠢᠨᠠᠨ ᠦᠨᠡᠯᠡᠬᠦ ᠶᠢ ᠵᠦᠢ ᠪᠤᠰᠤ ᠪᠠᠷ ᠨᠥᠯᠥᠭᠡᠯᠡᠵᠦ

ᠪᠣᠯᠬᠤ ᠦᠭᠡᠢ︔

       ︵ᠳᠣᠯᠤᠭ᠎ᠠ︶ ᠳᠠᠭᠠᠭᠠᠴᠢᠯᠠᠯᠲᠠ ᠬᠦᠯᠢᠶᠡᠭᠴᠢ ᠲᠠᠢ ᠳᠠᠯᠳᠠᠭᠤᠷ ᠬᠠᠷᠢᠯᠴᠠᠵᠤ ᠪᠣᠯᠬᠤ ᠦᠭᠡᠢ᠂ ᠳᠠᠭᠠᠭᠠᠴᠢᠯᠠᠯᠲᠠ ᠬᠦᠯᠢᠶᠡᠭᠴᠢ᠂ ᠵᠠᠭᠤᠴᠢ ᠬᠥᠮᠥᠨ᠂

ᠪᠤᠰᠤᠳ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠤ ᠡᠳ᠋ ᠪᠣᠳᠠᠰ ᠪᠤᠶᠤ ᠪᠤᠰᠤᠳ ᠣᠯᠵᠠ ᠠᠰᠢᠭ ᠢ ᠬᠦᠯᠢᠶᠡᠨ ᠠᠪᠴᠤ ᠪᠣᠯᠬᠤ ᠦᠭᠡᠢ︔

       ︵ᠨᠠᠢᠮᠠ︶ ᠶᠠᠮᠠᠷᠪᠠ ᠨᠢᠭᠡᠴᠢ ᠪᠤᠶᠤ ᠬᠤᠪᠢ ᠬᠥᠮᠥᠨ ᠤ ᠢᠯᠡ ᠪᠠᠷ ᠬᠡᠯᠡᠬᠦ ᠪᠤᠶᠤ ᠪᠢᠲᠡᠭᠦᠦ ᠪᠠᠷ ᠳᠣᠬᠢᠵᠤ ᠳᠤᠷᠠᠳᠤᠭᠰᠠᠨ ᠣᠨᠴᠠ ᠨᠢᠭᠡᠨ ᠳᠠᠭᠠᠭᠠᠴᠢᠯᠠᠯᠲᠠ

ᠬᠦᠯᠢᠶᠡᠭᠴᠢ ᠳᠤ ᠬᠡᠯᠪᠠᠶᠢᠯᠭᠡᠬᠦ ᠪᠤᠶᠤ ᠭᠠᠳᠠᠭᠤᠷᠴᠢᠯᠠᠬᠤ ᠱᠠᠭᠠᠷᠳᠠᠯᠭ᠎ᠠ ᠶᠢ ᠬᠦᠯᠢᠶᠡᠵᠦ ᠪᠣᠯᠬᠤ ᠦᠭᠡᠢ︔

       ︵ᠶᠢᠰᠦ︶ ᠳᠠᠭᠠᠭᠠᠴᠢᠯᠠᠯᠲᠠ ᠬᠢᠨᠠᠨ ᠦᠨᠡᠯᠡᠬᠦ ᠺᠣᠮᠢᠰ ᠤᠨ ᠪᠦᠷᠢᠯᠳᠦᠭᠦᠨ ᠤ ᠪᠡᠶ᠎ᠡ ᠭᠡᠮ ᠪᠠ ᠳᠠᠭᠠᠭᠠᠴᠢᠯᠠᠯᠲᠠ ᠬᠢᠨᠠᠨ ᠦᠨᠡᠯᠡᠬᠦ ᠲᠥᠷᠥᠯ ᠵᠦᠢᠯ ᠢ

ᠵᠠᠳᠠᠷᠠᠭᠤᠯᠵᠤ ᠪᠣᠯᠬᠤ ᠦᠭᠡᠢ︔

       ︵ᠠᠷᠪᠠ︶ ᠳᠠᠭᠠᠭᠠᠴᠢᠯᠠᠯᠲᠠ ᠬᠦᠯᠢᠶᠡᠭᠰᠡᠨ ᠪᠢᠴᠢᠭ ᠮᠠᠲ᠋ᠧᠷᠢᠶᠠᠯ ᠢ ᠬᠢᠨᠠᠵᠤ ᠦᠨᠡᠯᠡᠭᠰᠡᠨ ᠪᠠ ᠬᠠᠷᠢᠴᠠᠭᠤᠯᠤᠭᠰᠠᠨ ᠪᠠᠶᠢᠳᠠᠯ᠂ ᠳᠠᠭᠠᠭᠠᠴᠢᠯᠠᠯᠲᠠ

ᠨᠣᠭᠳᠠᠬᠤ ᠪᠠᠷ ᠵᠢᠱᠢᠭᠳᠡᠭᠰᠡᠳ ᠢ ᠰᠣᠩᠭᠤᠨ ᠲᠠᠨᠢᠯᠴᠠᠭᠤᠯᠤᠭᠰᠠᠨ ᠪᠠᠶᠢᠳᠠᠯ᠂ ᠳᠠᠭᠠᠭᠠᠴᠢᠯᠠᠯᠲᠠ ᠬᠢᠨᠠᠨ ᠦᠨᠡᠯᠡᠬᠦ ᠶᠠᠪᠤᠴᠠ ᠳᠤ ᠣᠶᠢᠯᠠᠭᠠᠭᠰᠠᠨ ᠤᠯᠤᠰ ᠤᠨ

ᠨᠢᠭᠤᠴᠠ ᠪᠠ ᠬᠤᠳᠠᠯᠳᠤᠭᠠᠨ ᠤ ᠨᠢᠭᠤᠴᠠ ᠵᠢᠴᠢ ᠳᠠᠭᠠᠭᠠᠴᠢᠯᠠᠯᠲᠠ ᠬᠢᠨᠠᠨ ᠦᠨᠡᠯᠡᠬᠦ ᠯᠦᠭᠡ ᠬᠤᠯᠪᠣᠭᠳᠠᠯ ᠪᠦᠬᠦᠢ ᠪᠤᠰᠤᠳ ᠪᠠᠶᠢᠳᠠᠯ ᠢ ᠵᠠᠳᠠᠷᠠᠭᠤᠯᠵᠤ ᠪᠣᠯᠬᠤ

ᠦᠭᠡᠢ︔

       ︵ᠠᠷᠪᠠᠨ ᠨᠢᠭᠡ︶ ᠳᠠᠭᠠᠭᠠᠴᠢᠯᠠᠯᠲᠠ ᠬᠢᠨᠠᠨ ᠦᠨᠡᠯᠡᠬᠦ ᠴᠠᠭ ᠬᠤᠭᠤᠴᠠᠭ᠎ᠠ ᠶᠢ ᠵᠣᠷᠢᠭᠤᠳᠠ ᠬᠤᠶᠢᠰᠢᠯᠠᠭᠤᠯᠬᠤ ᠪᠤᠶᠤ ᠠᠯᠪᠠ ᠬᠠᠰᠢᠵᠤ ᠠᠮᠠ ᠪᠥᠭᠯᠡᠭᠡᠳ

ᠳᠤᠷ᠎ᠠ ᠪᠠᠷ ᠳᠠᠭᠠᠭᠠᠴᠢᠯᠠᠯᠲᠠ ᠬᠢᠨᠠᠨ ᠦᠨᠡᠯᠡᠵᠦ ᠪᠣᠯᠬᠤ ᠦᠭᠡᠢ︔

       ︵ᠠᠷᠪᠠᠨ ᠬᠤᠶᠠᠷ︶ ᠳᠠᠭᠠᠭᠠᠴᠢᠯᠠᠯᠲᠠ ᠬᠢᠨᠠᠨ ᠦᠨᠡᠯᠡᠭᠰᠡᠨ ᠬᠠᠤᠯᠢ ᠶᠣᠰᠣᠨ ᠤ ᠬᠥᠳᠡᠯᠮᠦᠷᠢ ᠦᠢᠯᠡᠴᠢᠯᠡᠭᠡᠨ ᠤ ᠬᠠᠷᠠᠮᠵᠢ ᠠᠴᠠ ᠭᠠᠳᠠᠨ᠎ᠠ ᠬᠥᠯᠥᠰᠦ

ᠣᠯᠭᠤᠮᠵᠢ ᠪᠤᠶᠤ ᠪᠤᠰᠤᠳ ᠣᠯᠵᠠ ᠠᠰᠢᠭ ᠢ ᠨᠡᠬᠡᠨ ᠠᠪᠬᠤ ᠪᠤᠶᠤ ᠬᠦᠯᠢᠶᠡᠨ ᠠᠪᠴᠤ ᠪᠣᠯᠬᠤ ᠦᠭᠡᠢ︔

       ︵ᠠᠷᠪᠠᠨ ᠭᠤᠷᠪᠠ︶ ᠲᠥᠪ ᠭᠤᠣᠯᠴᠢ ᠪᠠᠷ ᠳᠠᠭᠠᠭᠠᠴᠢᠯᠠᠯᠲᠠ ᠬᠢᠨᠠᠨ ᠦᠨᠡᠯᠡᠬᠦ ᠶᠢ ᠨᠥᠯᠥᠭᠡᠯᠡᠵᠦ ᠮᠡᠳᠡᠬᠦ ᠸᠢᠴᠠᠲ ᠬᠤᠯᠪᠣᠭ᠎ᠠ᠂ QQ ᠬᠤᠯᠪᠣᠭ᠎ᠠ ᠵᠡᠷᠭᠡ

ᠲᠣᠣᠷ ᠰᠦᠯᠵᠢᠶᠡᠨ ᠤ ᠴᠢᠮᠡᠭᠡ ᠬᠤᠯᠪᠣᠭᠠᠨ ᠤ ᠪᠦᠯᠬᠦᠮ ᠬᠤᠯᠪᠣᠭ᠎ᠠ ᠪᠠᠶᠢᠭᠤᠯᠬᠤ ᠪᠤᠶᠤ ᠡᠳᠡᠭᠡᠷ ᠲᠤ ᠣᠷᠣᠬᠤ ᠶᠢ ᠡᠷᠡᠰ ᠴᠠᠭᠠᠵᠠᠯᠠᠨ᠎ᠠ︔

       ︵ᠠᠷᠪᠠᠨ ᠳᠥᠷᠪᠡ︶ ᠳᠠᠭᠠᠭᠠᠴᠢᠯᠠᠯᠲᠠ ᠬᠦᠯᠢᠶᠡᠭᠴᠢ ᠶᠢ ᠪᠢᠲᠡᠭᠦᠦ ᠪᠠᠷ ᠳᠣᠬᠢᠬᠤ ᠪᠤᠶᠤ ᠥᠳᠥᠭᠡᠵᠦ ᠪᠠᠶᠢᠭᠠᠳ ᠲᠠᠶᠢᠯᠪᠤᠷᠢ ᠲᠣᠳᠣᠷᠬᠠᠶᠢᠯᠠᠯᠲᠠ ᠬᠢᠯᠭᠡᠬᠦ

ᠪᠤᠶᠤ ᠳᠠᠭᠠᠭᠠᠴᠢᠯᠠᠯᠲᠠ ᠬᠦᠯᠢᠶᠡᠭᠴᠢ ᠶᠢᠨ ᠰᠠᠨᠠᠭᠠᠴᠢᠯᠠᠭ᠎ᠠ ᠠᠴᠠ ᠪᠠᠨ ᠳᠤᠷᠠᠳᠤᠭᠰᠠᠨ ᠲᠠᠶᠢᠯᠪᠤᠷᠢ ᠲᠣᠳᠣᠷᠬᠠᠶᠢᠯᠠᠯᠲᠠ ᠶᠢ ᠬᠦᠯᠢᠶᠠᠨ ᠠᠪᠴᠤ ᠪᠣᠯᠬᠤ ᠦᠭᠡᠢ︔

       ︵ᠠᠷᠪᠠᠨ ᠲᠠᠪᠤ︶ ᠵᠦᠢ ᠶᠣᠰᠣᠨ ᠤ ᠰᠢᠯᠲᠠᠭᠠᠨ ᠦᠭᠡᠢ ᠪᠠᠷ ᠳᠠᠭᠠᠭᠠᠴᠢᠯᠠᠯᠲᠠ ᠬᠢᠨᠠᠨ ᠦᠨᠡᠯᠡᠬᠦ ᠮᠡᠳᠡᠭᠦᠯᠦᠯᠲᠡ ᠳᠡᠭᠡᠷ᠎ᠡ ᠭᠠᠷ ᠤᠨ ᠦᠰᠦᠭ ᠵᠢᠷᠤᠬᠤ ᠶᠢ

ᠲᠡᠪᠴᠢᠵᠦ ᠪᠣᠯᠬᠤ ᠦᠭᠡᠢ︔

       ︵ᠠᠷᠪᠠᠨ ᠵᠢᠷᠭᠤᠭ᠎ᠠ︶ ᠳᠠᠭᠠᠭᠠᠴᠢᠯᠠᠯᠲᠠ ᠬᠢᠨᠠᠨ ᠦᠨᠡᠯᠡᠬᠦ ᠶᠠᠪᠤᠴᠠ ᠳᠤ ᠬᠤᠯᠪᠣᠭᠳᠠᠭᠰᠠᠨ ᠮᠠᠲ᠋ᠧᠷᠢᠶᠠᠯ ᠪᠤᠶᠤ ᠲᠤᠭ᠎ᠠ ᠪᠠᠷᠢᠮᠲᠠ ᠶᠢᠨ ᠮᠡᠳᠡᠭᠡ ᠵᠠᠩᠬᠢ

ᠵᠡᠷᠭᠡ ᠶᠢ ᠳᠠᠭᠠᠭᠠᠴᠢᠯᠠᠯᠲᠠ ᠬᠢᠨᠠᠨ ᠦᠨᠡᠯᠡᠬᠦ ᠣᠷᠣᠨ ᠬᠡᠪᠴᠢᠶᠡᠨ ᠠᠴᠠ ᠠᠪᠴᠤ ᠭᠠᠷᠴᠤ ᠪᠣᠯᠬᠤ ᠦᠭᠡᠢ︔

       ︵ᠠᠷᠪᠠᠨ ᠳᠣᠯᠤᠭ᠎ᠠ︶ ᠳᠠᠭᠠᠭᠠᠴᠢᠯᠠᠯᠲᠠ ᠬᠢᠨᠠᠨ ᠦᠨᠡᠯᠡᠬᠦ ᠡᠮᠬᠢ ᠳᠢᠭᠯᠢᠮ ᠢ ᠨᠥᠯᠥᠭᠡᠯᠡᠬᠦ ᠪᠤᠰᠤᠳ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠃

       ᠲᠠᠪᠤᠳᠤᠭᠠᠷ ᠪᠦᠯᠦᠭ ᠰᠤᠭᠤᠴᠢᠨ ᠬᠡᠷᠡᠭᠯᠡᠬᠦ ᠬᠠᠮᠢᠶᠠᠷᠤᠯᠲᠠ

       ᠬᠤᠷᠢᠨ ᠨᠢᠭᠡᠳᠦᠭᠡᠷ ᠵᠦᠢᠯ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠵᠢᠯᠯᠠᠭᠤᠯᠵᠤ ᠦᠢᠯᠡᠴᠢᠯᠡᠬᠦ

ᠪᠠᠶᠢᠭᠤᠯᠤᠮᠵᠢ ᠨᠢ ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷ ᠲᠤᠰᠬᠠᠢ ᠮᠡᠷᠭᠡᠵᠢᠯᠲᠡᠨ ᠢ ᠰᠤᠭᠤᠴᠢᠨ ᠬᠡᠷᠡᠭᠯᠡᠬᠦ ᠦᠢᠯᠡᠴᠢᠯᠡᠭᠦᠷ ᠤᠨ ᠦᠵᠦᠭᠦᠷ ᠢ

ᠲᠣᠬᠢᠷᠠᠭᠤᠯᠤᠨ᠂ ᠲᠤᠰᠬᠠᠢ ᠮᠡᠷᠭᠡᠵᠢᠯᠲᠡᠨ ᠢ ᠰᠤᠭᠤᠴᠢᠨ ᠬᠡᠷᠡᠭᠯᠡᠬᠦ ᠦᠢᠯᠡᠴᠢᠯᠡᠭᠡᠨ ᠤ ᠠᠵᠢᠯ ᠢ ᠲᠥᠯᠥᠪᠦᠷᠢ ᠦᠭᠡᠢ ᠪᠠᠷ ᠬᠠᠩᠭᠠᠨ᠎ᠠ᠃ ᠡᠯ᠎ᠡ ᠱᠠᠲᠤᠨ ᠤ ᠵᠠᠰᠠᠭ

ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠨᠢ ᠠᠵᠢᠯ ᠤᠨ ᠬᠤᠪᠢᠶᠠᠷᠢᠯᠠᠯ ᠡᠭᠦᠷᠭᠡ ᠬᠠᠷᠢᠭᠤᠴᠠᠯᠭ᠎ᠠ ᠶᠣᠰᠣᠭᠠᠷ᠂ ᠬᠠᠤᠯᠢ ᠲᠣᠭᠲᠠᠭᠠᠯ ᠶᠣᠰᠣᠭᠠᠷ ᠲᠤᠰᠬᠠᠢ

ᠮᠡᠷᠭᠡᠵᠢᠯᠲᠡᠨ ᠢ ᠰᠤᠭᠤᠴᠢᠨ ᠬᠡᠷᠡᠭᠯᠡᠬᠦ ᠪᠥᠬᠦ ᠶᠠᠪᠤᠴᠠ ᠳᠤ ᠬᠢᠨᠠᠯᠲᠠ ᠲᠠᠯᠪᠢᠨ᠎ᠠ᠃

       ᠬᠤᠷᠢᠨ ᠬᠤᠶᠠᠳᠤᠭᠠᠷ ᠵᠦᠢᠯ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠮᠡᠳᠡᠭᠡ ᠵᠠᠩᠬᠢ ᠶᠢᠨ ᠰᠢᠰᠲ᠋ᠧᠮ ᠤᠨ ᠠᠷᠤ ᠲᠠᠪᠴᠠᠩ ᠤᠨ ᠬᠠᠮᠠᠭᠠᠯᠠᠭᠴᠢ᠂

ᠬᠠᠮᠢᠶᠠᠷᠤᠭᠴᠢ ᠨᠢ ᠰᠤᠭᠤᠴᠢᠨ ᠬᠡᠷᠡᠭᠯᠡᠭᠰᠡᠨ ᠲᠤᠰᠬᠠᠢ ᠮᠡᠷᠭᠡᠵᠢᠯᠲᠡᠨ ᠤ ᠨᠡᠷᠡᠰ ᠪᠠ ᠮᠡᠳᠡᠭᠡ ᠵᠠᠩᠬᠢ ᠶᠢ ᠴᠢᠩᠭ᠎ᠠ ᠨᠢᠭᠤᠴᠠᠯᠠᠨ ᠬᠠᠮᠠᠭᠠᠯᠠᠵᠤ᠂ ᠬᠠᠶᠢᠨ ᠯᠠᠪᠯᠠᠬᠤ᠂

ᠵᠠᠰᠠᠨ ᠥᠭᠡᠷᠡᠴᠢᠯᠡᠬᠦ ᠪᠠ ᠯᠡᠪᠡᠷᠡᠭᠦᠯᠬᠦ ᠶᠢ ᠡᠷᠡᠰ ᠴᠠᠭᠠᠵᠠᠯᠠᠨ᠎ᠠ᠃ ᠲᠤᠰᠬᠠᠢ ᠮᠡᠷᠭᠡᠵᠢᠯᠲᠡᠨ ᠢ ᠰᠤᠭᠤᠴᠢᠨ ᠬᠡᠷᠡᠭᠯᠡᠬᠦ ᠰᠢᠰᠲ᠋ᠧᠮ ᠨᠢ ᠰᠤᠭᠤᠴᠢᠨ ᠬᠡᠷᠡᠭᠯᠡᠬᠦ ᠪᠥᠬᠦ

ᠶᠠᠪᠤᠴᠠ ᠶᠢᠨ ᠠᠩᠬᠠᠨ ᠤ ᠲᠤᠭ᠎ᠠ ᠪᠠᠷᠢᠮᠲᠠ ᠪᠠ ᠠᠵᠢᠯᠯᠠᠭᠤᠯᠤᠨ ᠶᠠᠪᠤᠭᠳᠠᠭᠤᠯᠤᠭᠰᠠᠨ ᠡᠳᠦᠷ ᠤᠨ ᠲᠡᠮᠳᠡᠭᠯᠡᠯ ᠢ ᠪᠦᠷᠢᠨ ᠪᠦᠲᠦᠨ ᠢᠶᠠᠷ ᠦᠯᠡᠳᠡᠭᠡᠵᠦ᠂ ᠪᠥᠬᠦ

ᠶᠠᠪᠤᠴᠠ ᠳᠤ ᠣᠷᠣᠮ ᠦᠯᠡᠳᠡᠭᠡᠵᠦ᠂ ᠮᠥᠷᠳᠡᠵᠤ ᠪᠣᠯᠬᠤ ᠶᠢ ᠪᠡᠶᠡᠯᠡᠭᠦᠯᠬᠦ ᠬᠡᠷᠡᠭᠲᠡᠢ᠃ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ

ᠲᠠᠪᠴᠠᠩ ᠤᠨ ᠠᠵᠢᠯᠯᠠᠭᠤᠯᠵᠤ ᠦᠢᠯᠡᠴᠢᠯᠡᠬᠦ ᠪᠠᠶᠢᠭᠤᠯᠤᠮᠵᠢ ᠨᠢ ᠲᠤᠰᠬᠠᠢ ᠮᠡᠷᠭᠡᠵᠢᠯᠲᠡᠨ ᠢ ᠰᠤᠭᠤᠴᠢᠨ ᠬᠡᠷᠡᠭᠯᠡᠬᠦ ᠰᠢᠰᠲ᠋ᠧᠮ ᠢ ᠲᠣᠭᠲᠠᠮᠠᠯ ᠬᠤᠭᠤᠴᠠᠭ᠎ᠠ ᠲᠠᠢ ᠪᠠᠷ

ᠴᠠᠭᠳᠠᠨ ᠪᠠᠶᠢᠴᠠᠭᠠᠵᠤ᠂ ᠲᠤᠰᠬᠠᠢ ᠮᠡᠷᠭᠡᠵᠢᠯᠲᠡᠨ ᠢ ᠰᠤᠭᠤᠴᠢᠨ ᠬᠡᠷᠡᠭᠯᠡᠬᠦ ᠠᠵᠢᠯ ᠢ ᠵᠢᠷᠤᠮᠵᠢᠭᠤᠨ ᠥᠨᠳᠥᠷ ᠪᠦᠲᠦᠮᠵᠢᠲᠡᠢ᠂ ᠠᠮᠤᠷ ᠲᠦᠪᠰᠢᠨ ᠨᠢᠭᠤᠴᠠ ᠶᠢ

ᠬᠠᠮᠠᠭᠠᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃

       ᠬᠤᠷᠢᠨ ᠭᠤᠷᠪᠠᠳᠤᠭᠠᠷ ᠵᠦᠢᠯ ᠪᠥᠬᠦ ᠣᠷᠣᠨ ᠳᠠᠬᠢ ᠬᠠᠤᠯᠢ ᠶᠣᠰᠣᠭᠠᠷ ᠵᠠᠪᠠᠯ ᠳᠠᠭᠠᠭᠠᠴᠢᠯᠠᠯᠲᠠ ᠵᠠᠷᠯᠠᠬᠤ ᠢᠨᠵᠧᠨᠧᠷᠢᠩ ᠤᠨ ᠪᠦᠲᠦᠭᠡᠨ

ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ ᠢ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ

ᠬᠥᠮᠥᠷᠭᠡ ᠠᠴᠠ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠲᠠᠰᠢᠷᠠᠮ ᠢᠶᠠᠷ ᠰᠤᠭᠤᠴᠢᠨ ᠬᠡᠷᠡᠭᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠲᠤᠰᠬᠠᠢ

ᠮᠡᠷᠭᠡᠵᠢᠯᠲᠡᠨ ᠤ ᠬᠥᠮᠥᠷᠭᠡ ᠠᠴᠠ ᠰᠤᠭᠤᠴᠢᠨ ᠬᠡᠷᠡᠭᠯᠡᠬᠦ ᠲᠤᠰᠬᠠᠢ ᠮᠡᠷᠭᠡᠵᠢᠯᠲᠡᠨ ᠨᠢ ᠳᠠᠭᠠᠭᠠᠴᠢᠯᠠᠯᠲᠠ ᠬᠢᠨᠠᠨ ᠦᠨᠡᠯᠡᠬᠦ ᠳᠤ ᠬᠡᠷᠡᠭᠰᠡᠬᠦ ᠬᠥᠮᠥᠨ ᠤ ᠲᠤᠭ᠎ᠠ ᠶᠢ

ᠬᠠᠩᠭᠠᠵᠤ ᠳᠡᠶᠢᠯᠬᠦ ᠦᠭᠡᠢ ᠦᠶ᠎ᠡ ᠳᠤ᠂ ᠲᠤᠰᠬᠠᠢ ᠮᠡᠷᠭᠡᠵᠢᠯᠲᠡᠨ ᠤ ᠲᠤᠰᠬᠠᠢ ᠮᠡᠷᠭᠡᠵᠢᠯ ᠪᠠ ᠭᠠᠵᠠᠷ ᠣᠷᠣᠨ ᠤ ᠲᠠᠷᠬᠠᠯᠲᠠ ᠶᠢ ᠲᠣᠬᠢᠷᠠᠭᠤᠯᠤᠭᠠᠳ ᠮᠥᠨ ᠴᠦ

ᠬᠠᠩᠭᠠᠵᠤ ᠳᠡᠶᠢᠯᠬᠦ ᠦᠭᠡᠢ ᠪᠠᠶᠢᠪᠠᠯ᠂ ᠳᠤᠲᠠᠭᠳᠠᠵᠤ ᠪᠠᠶᠢᠭ᠎ᠠ ᠲᠤᠰᠬᠠᠢ ᠮᠡᠷᠭᠡᠵᠢᠯᠲᠡᠨ ᠢ ᠬᠠᠥᠯᠢ ᠶᠣᠰᠣᠭᠠᠷ ᠪᠠᠶᠢᠭᠤᠯᠤᠭᠰᠠᠨ ᠳᠠᠭᠠᠭᠠᠴᠢᠯᠠᠯᠲᠠ ᠬᠢᠨᠠᠨ ᠦᠨᠡᠯᠡᠬᠦ

ᠪᠤᠰᠤᠳ ᠲᠤᠰᠬᠠᠢ ᠮᠡᠷᠭᠡᠵᠢᠯᠲᠡᠨ ᠤ ᠬᠥᠮᠥᠷᠭᠡ ᠠᠴᠠ ᠲᠠᠰᠢᠷᠠᠮ ᠢᠶᠠᠷ ᠨᠥᠬᠦᠪᠦᠷᠢᠯᠡᠨ ᠲᠣᠭᠲᠠᠭᠠᠨ᠎ᠠ᠃

       ᠮᠡᠷᠭᠡᠵᠢᠯ ᠨᠢ ᠪᠤᠳᠤᠯᠢᠶᠠᠨᠲᠠᠢ᠂ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ ᠪᠤᠶᠤ ᠤᠯᠤᠰ ᠠᠴᠠ ᠣᠨᠴᠠᠭᠠᠢ ᠱᠠᠭᠠᠷᠳᠠᠯᠭ᠎ᠠ ᠲᠠᠢ ᠲᠥᠷᠥᠯ ᠵᠦᠢᠯ ᠳᠤ᠂

ᠲᠠᠰᠢᠷᠠᠮ ᠢᠶᠠᠷ ᠰᠤᠭᠤᠴᠢᠨ ᠬᠡᠷᠡᠭᠯᠡᠬᠦ ᠠᠷᠭ᠎ᠠ ᠮᠠᠶ᠋ᠢᠭ ᠢᠶᠠᠷ ᠲᠣᠭᠲᠠᠭᠠᠭᠰᠠᠨ ᠲᠤᠰᠬᠠᠢ ᠮᠡᠷᠭᠡᠵᠢᠯᠲᠡᠨ ᠤ ᠲᠤᠰᠢᠶᠠᠯ ᠢᠶᠠᠨ ᠡᠭᠦᠷᠬᠡᠯᠡᠵᠦ ᠳᠡᠶᠢᠯᠬᠦ ᠡᠰᠡᠬᠦ ᠶᠢ

ᠪᠠᠲᠤᠯᠠᠬᠤ ᠳᠤ ᠬᠦᠴᠢᠷᠲᠡᠢ ᠪᠠᠶᠢᠪᠠᠯ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠠᠴᠠ ᠨᠤᠲᠠᠯᠠᠭᠰᠠᠨ ᠤ ᠳᠠᠷᠠᠭ᠎ᠠ᠂

ᠳᠠᠭᠠᠭᠠᠴᠢᠯᠠᠯᠲᠠ ᠵᠠᠷᠯᠠᠭᠴᠢ ᠬᠠᠤᠯᠢ ᠶᠣᠰᠣᠭᠠᠷ ᠲᠤᠰᠬᠠᠢ ᠮᠡᠷᠭᠡᠵᠢᠯᠲᠡᠨ ᠢ ᠲᠣᠭᠲᠠᠭᠠᠵᠤ ᠪᠣᠯᠣᠨ᠎ᠠ᠃

       ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠤᠶᠤ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠵᠢᠭᠡᠯᠡᠯᠭᠡ ︵ᠲᠤᠰᠠᠯᠠᠮᠵᠢ︶ ᠶᠢᠨ ᠪᠡᠯᠡ ᠮᠥᠩᠭᠦ ᠶᠢ

ᠬᠡᠷᠡᠭᠯᠡᠬᠦ ᠲᠥᠷᠥᠯ ᠵᠦᠢᠯ ᠳᠤ᠂ ᠵᠢᠭᠡᠯᠡᠯᠭᠡ ︵ᠪᠡᠯᠡ ᠮᠥᠩᠭᠦ ᠬᠠᠩᠭᠠᠬᠤ︶ ᠲᠠᠯᠪᠢᠭᠰᠠᠨ ᠲᠠᠯ᠎ᠠ ᠶᠢᠨ ᠬᠢᠨ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ ᠢ

ᠲᠣᠭᠲᠠᠭᠠᠬᠤ ᠲᠠᠯ᠎ᠠ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ᠂ ᠭᠡᠪᠡᠴᠦ ᠪᠦᠭᠦᠳᠡ ᠨᠠᠶᠢᠷᠠᠮᠳᠠᠬᠤ ᠳᠤᠮᠳᠠᠳᠤ ᠠᠷᠠᠳ

ᠤᠯᠤᠰ ᠤᠨ ᠨᠡᠶᠢᠭᠡᠮ ᠤᠨ ᠣᠯᠠᠨ ᠨᠡᠶᠢᠲᠡ ᠶᠢᠨ ᠠᠰᠢᠭ ᠲᠤᠰᠠ ᠠᠴᠠ ᠲᠡᠷᠰᠯᠡᠭᠰᠡᠨ ᠪᠠᠶᠢᠳᠠᠯ ᠢ ᠪᠠᠭᠲᠠᠭᠠᠬᠤ ᠦᠭᠡᠢ᠃

       ᠬᠤᠷᠢᠨ ᠳᠥᠷᠪᠡᠳᠦᠭᠡᠷ ᠵᠦᠢᠯ ᠲᠤᠰᠬᠠᠢ ᠮᠡᠷᠭᠡᠵᠢᠯᠲᠡᠨ ᠢ ᠰᠤᠭᠤᠴᠢᠨ ᠬᠡᠷᠡᠭᠯᠡᠬᠦ ᠳᠤ ᠳᠠᠭᠠᠭᠠᠴᠢᠯᠠᠯᠲᠠ ᠨᠡᠶᠢᠲᠡᠯᠡᠬᠦ ᠲᠤᠬᠠᠢ ᠶᠢᠨ ᠡᠳᠦᠷ ᠲᠤ

ᠲᠣᠭᠲᠠᠭᠠᠭᠰᠠᠨ ᠳᠡᠰ ᠳᠠᠷᠠᠭᠠᠯᠠᠯ ᠪᠠ ᠱᠠᠭᠠᠷᠳᠠᠯᠭ᠎ᠠ ᠶᠣᠰᠣᠭᠠᠷ ᠶᠠᠪᠤᠭᠳᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠣᠨᠳᠣᠣ ᠭᠠᠵᠠᠷ ᠪᠤᠶᠤ

ᠤᠯᠤᠰ ᠤᠨ ᠳᠣᠲᠣᠭᠠᠳᠤ ᠳᠠᠬᠢ ᠪᠤᠰᠤᠳ ᠮᠤᠵᠢ ︵ᠣᠷᠣᠨ᠂ ᠬᠤᠲᠠ︶ ᠠᠴᠠ ᠲᠤᠰᠬᠠᠢ ᠮᠡᠷᠭᠡᠵᠢᠯᠲᠡᠨ ᠢ ᠰᠤᠭᠤᠴᠢᠨ ᠬᠡᠷᠡᠭᠯᠡᠬᠦ ᠪᠤᠶᠤ ᠤᠷᠢᠬᠤ ᠴᠢᠬᠤᠯᠠᠲᠠᠢ ᠪᠣᠯ᠂

ᠲᠤᠰᠬᠠᠢ ᠮᠡᠷᠭᠡᠵᠢᠯᠲᠡᠨ ᠤ ᠳᠠᠭᠠᠭᠠᠴᠢᠯᠠᠯᠲᠠ ᠦᠨᠡᠯᠡᠬᠦ ᠭᠠᠵᠠᠷ ᠲᠤ ᠬᠦᠷᠬᠦ ᠪᠥᠬᠦ ᠠᠶᠠᠯᠠᠯ ᠤᠨ ᠬᠤᠭᠤᠴᠠᠭ᠎ᠠ ᠶᠢ ᠪᠣᠳᠣᠯᠬᠢᠯᠠᠵᠤ᠂ ᠳᠠᠭᠠᠭᠠᠴᠢᠯᠠᠯᠲᠠ ᠬᠢᠨᠠᠨ ᠦᠨᠡᠯᠡᠬᠦ

ᠡᠳᠦᠷ ᠠᠴᠠ ᠡᠮᠦᠨᠡᠬᠢ 48 ᠴᠠᠭ ᠤᠨ ᠳᠣᠲᠣᠷ᠎ᠠ ᠰᠤᠭᠤᠴᠢᠨ᠎ᠠ᠃

       ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠵᠢᠯᠯᠠᠭᠤᠯᠵᠤ ᠦᠢᠯᠡᠴᠢᠯᠡᠬᠦ ᠪᠠᠶᠢᠭᠤᠯᠤᠮᠵᠢ ᠨᠢ ᠥᠪᠡᠷᠲᠡᠭᠡᠨ

ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠬᠥᠮᠥᠷᠭᠡ ᠳᠤ ᠲᠦᠰᠢᠭᠯᠡᠨ᠂ ᠠᠯᠤᠰ ᠠᠴᠠ ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ᠶᠢ ᠠᠯᠬᠤᠮ

ᠠᠯᠬᠤᠮ ᠢᠶᠠᠷ ᠪᠠᠶᠢᠩᠭᠤᠵᠢᠭᠤᠯᠤᠨ ᠪᠡᠶᠡᠯᠡᠭᠦᠯᠵᠦ᠂ ᠰᠢᠯᠢᠳᠡᠭ ᠲᠤᠰᠬᠠᠢ ᠮᠡᠷᠭᠡᠵᠢᠯᠲᠡᠨ ᠤ ᠡᠬᠢ ᠪᠠᠶᠠᠯᠢᠭ ᠢ ᠬᠠᠮᠲᠤ ᠳᠤ ᠪᠠᠨ ᠬᠦᠷᠲᠡᠵᠦ᠂ ᠳᠠᠭᠠᠭᠠᠴᠢᠯᠠᠯᠲᠠ ᠬᠢᠨᠠᠨ

ᠦᠨᠡᠯᠡᠬᠦ ᠬᠦᠴᠦᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃

       ᠲᠤᠰᠬᠠᠢ ᠮᠡᠷᠭᠡᠵᠢᠯᠲᠡᠨ ᠢ ᠲᠣᠭᠲᠠᠭᠠᠭᠰᠠᠨ ᠤ ᠳᠠᠷᠠᠭ᠎ᠠ᠂ ᠲᠤᠰᠬᠠᠢ ᠮᠡᠷᠭᠡᠵᠢᠯᠲᠡᠨ ᠢ ᠰᠤᠭᠤᠴᠢᠨ ᠬᠡᠷᠡᠭᠯᠡᠬᠦ ᠰᠢᠰᠲ᠋ᠧᠮ ᠠᠴᠠ ᠳᠠᠭᠤᠨ ᠠᠪᠢᠶ᠎ᠠ᠂ ᠮᠡᠳᠡᠭᠡ

ᠵᠠᠩᠬᠢ ᠶᠢᠨ ᠬᠡᠯᠪᠡᠷᠢ ᠪᠠᠷ ᠲᠤᠰᠬᠠᠢ ᠮᠡᠷᠭᠡᠵᠢᠯᠲᠡᠨ ᠳᠤ ᠳᠠᠭᠠᠭᠠᠴᠢᠯᠠᠯᠲᠠ ᠬᠢᠨᠠᠨ ᠦᠨᠡᠯᠡᠬᠦ ᠠᠵᠢᠯ ᠳᠤ ᠣᠷᠣᠯᠴᠠᠬᠤ ᠴᠠᠭ ᠬᠤᠭᠤᠴᠠᠭ᠎ᠠ᠂ ᠭᠠᠵᠠᠷ ᠪᠠ ᠬᠠᠮᠢᠶ᠎ᠠ

ᠪᠦᠬᠦᠢ ᠱᠠᠭᠠᠷᠳᠠᠯᠭ᠎ᠠ ᠶᠢ ᠠᠶᠠᠨᠳᠠᠭᠠᠨ ᠮᠡᠳᠡᠭᠳᠡᠵᠦ᠂ ᠠᠷᠠᠯᠵᠢᠶᠠᠯᠠᠬᠤ ᠲᠥᠷᠥᠯ ᠵᠦᠢᠯ ᠲᠠᠢ ᠬᠤᠯᠪᠣᠭᠳᠠᠬᠤ ᠪᠤᠰᠤᠳ ᠮᠡᠳᠡᠭᠡ ᠵᠠᠩᠬᠢ ᠶᠢᠨ ᠨᠢᠭᠤᠴᠠ ᠶᠢ ᠴᠥᠮ

ᠬᠠᠮᠠᠭᠠᠯᠠᠬᠤ ᠬᠡᠷᠡᠭᠲᠡᠢ᠃

       ᠬᠤᠷᠢᠨ ᠲᠠᠪᠤᠳᠤᠭᠠᠷ ᠵᠦᠢᠯ ᠳᠣᠣᠷ᠎ᠠ ᠵᠢᠭᠰᠠᠭᠠᠭᠰᠠᠨ ᠪᠠᠶᠢᠳᠠᠯ ᠠᠴᠠ ᠨᠢᠭᠡ ᠨᠢ ᠪᠠᠶᠢᠪᠠᠯ᠂ ᠳᠠᠭᠠᠭᠠᠴᠢᠯᠠᠯᠲᠠ ᠵᠠᠷᠯᠠᠭᠴᠢ ᠰᠢᠯᠲᠠᠭᠠᠨ ᠢ ᠲᠠᠭᠯᠠᠨ

ᠮᠡᠳᠡᠭᠦᠯᠦᠭᠰᠡᠨ ᠤ ᠳᠠᠷᠠᠭ᠎ᠠ ᠳᠠᠬᠢᠵᠤ ᠰᠤᠭᠤᠴᠢᠬᠤ ᠪᠤᠶᠤ ᠨᠥᠬᠦᠪᠦᠷᠢᠯᠡᠨ ᠰᠤᠭᠤᠴᠢᠨ᠎ᠡ᠄

       ︵ᠨᠢᠭᠡ︶ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠲᠤᠰᠬᠠᠢ ᠮᠡᠷᠭᠡᠵᠢᠯᠲᠡᠨ ᠵᠠᠶᠢᠯᠠᠬᠤ ᠴᠢᠬᠤᠯᠠᠲᠠᠢ ᠪᠠᠶᠢᠬᠤ︔

       ︵ᠬᠤᠶᠠᠷ︶ ᠳᠠᠭᠠᠭᠠᠴᠢᠯᠠᠯᠲᠠ ᠬᠢᠨᠠᠨ ᠦᠨᠡᠯᠡᠬᠦ ᠠᠴᠠ ᠡᠮᠦᠨ᠎ᠡ ᠲᠤᠰᠬᠠᠢ ᠮᠡᠷᠭᠡᠵᠢᠯᠲᠡᠨ ᠤ ᠮᠡᠳᠡᠭᠡ ᠵᠠᠩᠬᠢ ᠨᠢ ᠵᠠᠳᠠᠷᠠᠭᠰᠠᠨ ᠢ ᠣᠯᠵᠤ ᠮᠡᠳᠡᠭᠰᠡᠨ︔

       ︵ᠭᠤᠷᠪᠠ︶ ᠲᠣᠭᠲᠠᠭᠰᠠᠨ ᠴᠠᠭ ᠲᠤ ᠲᠤᠬᠠᠢ ᠶᠢᠨ ᠲᠠᠯᠠᠪᠠᠢ ᠳᠤ ᠬᠥᠷᠥᠭᠰᠡᠨ ᠦᠭᠡᠢ ᠪᠤᠶᠤ ᠳᠤᠷ᠎ᠠ ᠪᠠᠷ ᠢᠶᠠᠨ ᠠᠵᠢᠯ ᠤᠨ ᠪᠠᠶᠢᠷᠢ ᠠᠴᠠ ᠪᠠᠨ ᠰᠠᠯᠤᠭᠰᠠᠨ︔

       ︵ᠳᠥᠷᠪᠡ︶ ᠳᠠᠭᠠᠭᠠᠴᠢᠯᠠᠯᠲᠠ ᠬᠢᠨᠠᠨ ᠦᠨᠡᠯᠡᠬᠦ ᠡᠭᠦᠷᠭᠡ ᠶᠢ ᠡᠭᠦᠷᠬᠡᠯᠡᠵᠦ ᠳᠡᠶᠢᠯᠬᠦ ᠦᠭᠡᠢ ᠪᠤᠶᠤ ᠪᠡᠶ᠎ᠡ ᠮᠠᠬᠠᠪᠤᠳ ᠡᠷᠡᠭᠦᠯ ᠴᠢᠬᠢᠷᠠᠭ ᠤᠨ ᠵᠡᠷᠭᠡ

ᠰᠢᠯᠲᠠᠭᠠᠨ ᠠᠴᠠ ᠪᠣᠯᠵᠤ ᠳᠠᠭᠠᠭᠠᠴᠢᠯᠠᠯᠲᠠ ᠬᠢᠨᠠᠨ ᠦᠨᠡᠯᠡᠬᠦ ᠡᠭᠦᠷᠭᠡ ᠶᠢ ᠦᠷᠭᠦᠯᠵᠢᠯᠡᠨ ᠪᠡᠶᠡᠯᠡᠭᠦᠯᠵᠦ ᠳᠡᠶᠢᠯᠬᠦ ᠦᠭᠡᠢ ᠪᠣᠯᠣᠭᠰᠠᠨ︔

       ︵ᠲᠠᠪᠤ︶ ᠳᠠᠭᠠᠭᠠᠴᠢᠯᠠᠯᠲᠠ ᠬᠢᠨᠠᠨ ᠦᠨᠡᠯᠡᠬᠦ ᠠᠵᠢᠯᠯᠠᠭ᠎ᠠ ᠶᠢ ᠬᠠᠤᠯᠢ ᠶᠣᠰᠣᠭᠠᠷ ᠳᠠᠬᠢᠵᠤ ᠵᠣᠬᠢᠶᠠᠨ ᠪᠠᠶᠢᠭᠤᠯᠬᠤ ᠴᠢᠬᠤᠯᠠᠲᠠᠢ ᠪᠣᠯᠣᠭᠰᠠᠨ᠃

       ᠳᠠᠬᠢᠵᠤ ᠰᠤᠭᠤᠴᠢᠬᠤ ᠪᠤᠶᠤ ᠨᠥᠬᠦᠪᠦᠷᠢᠯᠡᠨ ᠰᠤᠭᠤᠴᠢᠬᠤ ᠳᠡᠰ ᠳᠠᠷᠠᠭᠠᠯᠠᠯ ᠢ ᠠᠩᠬᠠᠳᠤᠭᠠᠷ ᠤᠳᠠᠭᠠᠨ ᠤ ᠰᠤᠭᠤᠴᠢᠭᠰᠠᠨ ᠳᠡᠰ ᠳᠠᠷᠠᠭᠠᠯᠠᠯ ᠢᠶᠠᠷ

ᠯᠠᠪᠯᠠᠯᠲᠠ ᠪᠣᠯᠭᠠᠨ᠂ ᠲᠠᠰᠢᠷᠠᠮ ᠢᠶᠠᠷ ᠰᠤᠭᠤᠴᠢᠬᠤ ᠠᠷᠭ᠎ᠠ ᠮᠠᠶ᠋ᠢᠭ ᠢ ᠬᠡᠷᠡᠭᠯᠡᠨ᠎ᠡ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠢᠯᠡ ᠪᠠᠷ ᠬᠡᠯᠡᠬᠦ᠂ ᠪᠢᠲᠡᠭᠦᠦ ᠪᠠᠷ

ᠳᠣᠬᠢᠬᠤ ᠵᠡᠷᠭᠡ ᠶᠠᠮᠠᠷ ᠨᠢᠭᠡᠨ ᠠᠷᠭ᠎ᠠ ᠮᠠᠶ᠋ᠢᠭ ᠢᠶᠠᠷ ᠲᠤᠰᠬᠠᠢ ᠮᠡᠷᠭᠡᠵᠢᠯᠲᠡᠨ ᠢ ᠵᠢᠭᠠᠨ ᠲᠣᠭᠲᠠᠭᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠵᠢᠭᠠᠨ ᠲᠣᠭᠲᠠᠭᠠᠵᠤ

ᠪᠣᠯᠬᠤ ᠦᠭᠡᠢ᠃

       ᠰᠣᠯᠢᠭᠳᠠᠭᠰᠠᠨ ᠲᠤᠰᠬᠠᠢ ᠮᠡᠷᠭᠡᠵᠢᠯᠲᠡᠨ ᠤ ᠨᠢᠭᠡᠨᠲᠡ ᠭᠠᠷᠭᠠᠭᠰᠠᠨ ᠳᠠᠭᠠᠭᠠᠴᠢᠯᠠᠯᠲᠠ ᠬᠢᠨᠠᠨ ᠦᠨᠡᠯᠡᠭᠰᠡᠨ ᠳ᠋ᠦᠩᠨᠡᠯᠲᠡ ᠨᠢ ᠬᠦᠴᠦᠨ ᠦᠭᠡᠢ ᠪᠠᠶᠢᠵᠤ᠂

ᠰᠣᠯᠢᠭᠰᠠᠨ ᠤ ᠳᠠᠷᠠᠭᠠᠬᠢ ᠲᠤᠰᠬᠠᠢ ᠮᠡᠷᠭᠡᠵᠢᠯᠲᠡᠨ ᠠᠴᠠ ᠳᠠᠭᠠᠭᠠᠴᠢᠯᠠᠯᠲᠠ ᠶᠢ ᠳᠠᠬᠢᠵᠤ ᠬᠢᠨᠠᠨ ᠦᠨᠡᠯᠡᠨ᠎ᠡ᠃

       ᠬᠤᠷᠢᠨ ᠵᠢᠷᠭᠤᠳᠤᠭᠠᠷ ᠵᠦᠢᠯ ᠲᠤᠰᠬᠠᠢ ᠮᠡᠷᠭᠡᠵᠢᠯᠲᠡᠨ ᠳᠤ ᠳᠣᠣᠷ᠎ᠠ ᠵᠢᠭᠰᠠᠭᠠᠭᠰᠠᠨ ᠪᠠᠶᠢᠳᠠᠯ ᠠᠴᠠ ᠨᠢᠭᠡ ᠨᠢ ᠪᠠᠶᠢᠪᠠᠯ᠂ ᠳᠠᠭᠠᠭᠠᠴᠢᠯᠠᠯᠲᠠ ᠬᠢᠨᠠᠨ ᠦᠨᠡᠯᠡᠬᠦ

ᠺᠣᠮᠢᠰ ᠤᠨ ᠪᠦᠷᠢᠯᠳᠦᠭᠦᠨ ᠤ ᠠᠵᠢᠯ ︵ᠳᠠᠭᠠᠭᠠᠴᠢᠯᠠᠯᠲᠠ ᠵᠠᠷᠯᠠᠭᠴᠢ ᠶᠢᠨ ᠲᠥᠯᠥᠭᠡᠯᠡᠭᠴᠢ ᠶᠢ ᠪᠠᠭᠲᠠᠭᠠᠬᠤ ᠦᠭᠡᠢ︶ ᠢ ᠡᠭᠦᠷᠬᠡᠯᠡᠵᠦ ᠪᠣᠯᠬᠤ ᠦᠭᠡᠢ᠄

       ︵ᠨᠢᠭᠡ︶ ᠳᠠᠭᠠᠭᠠᠴᠢᠯᠠᠯᠲᠠ ᠵᠠᠷᠯᠠᠭᠰᠠᠨ ᠲᠥᠷᠥᠯ ᠵᠦᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ︵ᠳᠡᠭᠡᠷ᠎ᠡ ᠱᠠᠲᠤᠨ ᠤ ᠬᠠᠮᠢᠶᠠᠷᠤᠯᠲᠠ ᠶᠢᠨ

ᠰᠠᠯᠠᠭ᠎ᠠ ᠮᠥᠴᠢᠷ ᠢ ᠪᠠᠭᠲᠠᠭᠠᠨ᠎ᠠ︶ ᠪᠤᠶᠤ ᠲᠣᠰ ᠲᠥᠷᠥᠯ ᠵᠦᠢᠯ ᠳᠤ ᠬᠢᠨᠠᠨ ᠬᠠᠮᠢᠶᠠᠷᠬᠤ ᠡᠭᠦᠷᠭᠡ ᠬᠠᠷᠢᠭᠤᠴᠯᠠᠭ᠎ᠠ ᠲᠠᠢ ᠵᠠᠰᠠᠭ ᠵᠠᠬᠢᠷᠭᠠᠨ ᠤ ᠬᠢᠨᠠᠯᠲᠠ ᠲᠠᠯᠪᠢᠬᠤ

ᠰᠠᠯᠠᠭ᠎ᠠ ᠮᠥᠴᠢᠷ ᠤᠨ ᠠᠵᠢᠯᠲᠠᠨ︔

       ︵ᠬᠤᠶᠠᠷ︶ ᠳᠠᠭᠠᠭᠠᠴᠢᠯᠠᠯᠲᠠ ᠵᠠᠷᠯᠠᠭᠰᠠᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠭᠴᠢ ᠪᠠ ᠳᠠᠭᠠᠭᠠᠴᠢᠯᠠᠯᠲᠠ ᠬᠦᠯᠢᠶᠡᠭᠴᠢ ᠶᠢᠨ ᠠᠵᠢᠯᠲᠠᠨ᠂

ᠠᠵᠢᠯ ᠠᠴᠠ ᠪᠠᠨ ᠪᠠᠭᠤᠭᠰᠠᠨ ᠪᠤᠶᠤ ᠲᠤᠰᠢᠶᠠᠯ ᠠᠴᠠ ᠪᠠᠨ ᠰᠠᠯᠤᠭᠠᠳ ᠪᠦᠬᠦᠯᠢ 3 ᠵᠢᠯ ᠪᠣᠯᠣᠭᠠᠳᠤᠢ ᠬᠥᠮᠥᠰ︔

       ︵ᠭᠤᠷᠪᠠ︶ ᠳᠠᠭᠠᠭᠠᠴᠢᠯᠠᠯᠲᠠ ᠵᠠᠷᠯᠠᠭᠰᠠᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠭᠴᠢ ᠪᠠ ᠳᠠᠭᠠᠭᠠᠴᠢᠯᠠᠯᠲᠠ ᠬᠦᠯᠢᠶᠡᠭᠴᠢ ᠶᠢᠨ ᠭᠤᠣᠯ

ᠬᠠᠷᠢᠭᠤᠴᠠᠯᠭᠠᠲᠠᠨ ᠤ ᠣᠶᠢᠷ᠎ᠠ ᠲᠥᠷᠥᠯ ᠰᠠᠳᠤᠨ︔

       ︵ᠳᠥᠷᠪᠡ︶ ᠳᠠᠭᠠᠭᠠᠴᠢᠯᠠᠯᠲᠠ ᠵᠠᠷᠯᠠᠭᠰᠠᠨ ᠲᠥᠷᠥᠯ ᠵᠦᠢᠯ ᠤᠨ ᠳᠠᠭᠠᠭᠠᠴᠢᠯᠠᠯᠲᠠ ᠬᠦᠯᠢᠶᠡᠭᠴᠢ ᠲᠠᠢ ᠰᠢᠭᠤᠳ ᠠᠰᠢᠭ ᠬᠤᠣᠷ ᠤᠨ ᠬᠠᠷᠢᠴᠠᠭ᠎ᠠ ᠲᠠᠢ᠂

ᠳᠠᠭᠠᠭᠠᠴᠢᠯᠠᠯᠲᠠ ᠬᠢᠨᠠᠨ ᠦᠨᠡᠯᠡᠬᠦ ᠲᠥᠪ ᠭᠤᠣᠯᠴᠢ ᠶᠢ ᠨᠥᠯᠥᠭᠡᠯᠡᠵᠦ ᠮᠡᠳᠡᠬᠦ ᠬᠥᠮᠥᠰ︔

       ︵ᠲᠠᠪᠤ︶ ᠬᠠᠤᠯᠢ ᠴᠠᠭᠠᠵᠠ ᠬᠠᠤᠯᠢ ᠲᠣᠭᠲᠠᠭᠠᠯ ᠲᠣᠭᠲᠠᠭᠠᠯ ᠳᠦᠷᠢᠮ ᠳᠤ ᠲᠣᠭᠲᠠᠭᠠᠭᠰᠠᠨ ᠪᠤᠰᠤᠳ ᠪᠠᠶᠢᠳᠠᠯ᠃

       ᠲᠤᠰᠬᠠᠢ ᠮᠡᠷᠭᠡᠵᠢᠯᠲᠡᠨ ᠳᠤ ᠡᠮᠦᠨᠡᠬᠢ ᠵᠤᠷᠪᠤᠰ ᠤᠨ ᠲᠣᠭᠲᠠᠭᠠᠭᠰᠠᠨ ᠪᠠᠶᠢᠳᠠᠯ ᠠᠴᠠ ᠨᠢᠭᠡ ᠨᠢ ᠪᠠᠶᠢᠪᠠᠯ᠂ ᠰᠠᠨᠠᠭᠠᠴᠢᠯᠠᠭ᠎ᠠ ᠠᠴᠠ ᠪᠠᠨ ᠵᠠᠶᠢᠯᠠᠬᠤ

ᠳᠤᠷᠠᠳᠤᠯᠭ᠎ᠠ ᠭᠠᠷᠭᠠᠬᠤ ᠬᠡᠷᠡᠭᠲᠡᠢ︔ ᠵᠠᠶᠢᠯᠠᠬᠤ ᠳᠤᠷᠠᠳᠤᠯᠭ᠎ᠠ ᠭᠠᠷᠭᠠᠭᠰᠠᠨ ᠦᠭᠡᠢ ᠪᠣᠯ᠂ ᠳᠠᠭᠠᠭᠠᠴᠢᠯᠠᠯᠲᠠ ᠵᠠᠷᠯᠠᠭᠴᠢ ᠪᠤᠶᠤ ᠵᠠᠰᠠᠭ ᠵᠠᠬᠢᠷᠭᠠᠨ ᠤ ᠬᠢᠨᠠᠯᠲᠠ

ᠲᠠᠯᠪᠢᠬᠤ ᠰᠠᠯᠠᠭ᠎ᠠ ᠮᠥᠴᠢᠷ ᠣᠯᠵᠤ ᠮᠡᠳᠡᠭᠰᠡᠨ ᠤ ᠳᠠᠷᠠᠭ᠎ᠠ᠂ ᠲᠡᠭᠦᠨ ᠤ ᠲᠣᠰ ᠤᠳᠠᠭᠠᠨ ᠤ ᠳᠠᠭᠠᠭᠠᠴᠢᠯᠠᠯᠲᠠ ᠬᠢᠨᠠᠨ ᠦᠨᠡᠯᠡᠬᠦ ᠠᠵᠢᠯᠯᠠᠭ᠎ᠠ ᠶᠢ ᠲᠡᠷᠡ

ᠳᠠᠷᠤᠢ ᠳᠤ ᠨᠢ ᠵᠣᠭᠰᠣᠭᠠᠬᠤ ᠬᠡᠷᠡᠭᠲᠡᠢ᠃

       ᠬᠤᠷᠢᠨ ᠳᠣᠯᠣᠳᠤᠭᠠᠷ ᠵᠦᠢᠯ ᠬᠠᠤᠯᠢ ᠶᠣᠰᠣᠭᠠᠷ ᠲᠠᠰᠢᠷᠠᠮ ᠢᠶᠠᠷ ᠰᠤᠭᠤᠴᠢᠬᠤ ᠶᠢᠨ ᠬᠠᠮᠲᠤ ᠨᠤᠲᠠᠯᠠᠨ ᠲᠣᠭᠲᠠᠭᠠᠭᠰᠠᠨ ᠲᠤᠰᠬᠠᠢ ᠮᠡᠷᠭᠡᠵᠢᠯᠲᠡᠨ ᠢ ᠲᠣᠰ

ᠠᠷᠭ᠎ᠠ ᠶᠢᠨ ᠬᠤᠷᠢᠨ ᠲᠠᠪᠤᠳᠤᠭᠠᠷ ᠵᠦᠢᠯ ᠪᠠ ᠬᠤᠷᠢᠨ ᠵᠢᠷᠭᠤᠳᠤᠭᠠᠷ ᠵᠦᠢᠯ ᠳᠤ ᠲᠣᠭᠲᠠᠭᠠᠭᠰᠠᠨ ᠪᠠᠶᠢᠳᠠᠯ ᠭᠠᠷᠬᠤ ᠠᠴᠠ ᠭᠠᠳᠠᠨ᠎ᠠ᠂ ᠶᠠᠮᠠᠷᠪᠠ ᠨᠢᠭᠡᠴᠢ ᠪᠠ ᠬᠤᠪᠢ

ᠬᠥᠮᠥᠨ ᠭᠡᠳ ᠶᠠᠮᠠᠷ ᠴᠦ ᠰᠢᠯᠲᠠᠭᠠᠨ ᠢᠶᠠᠷ ᠲᠡᠪᠴᠢᠵᠦ ᠪᠣᠯᠬᠤ ᠦᠭᠡᠢ᠃

       ᠬᠤᠷᠢᠨ ᠨᠠᠢᠮᠠᠳᠤᠭᠠᠷ ᠵᠦᠢᠯ ᠳᠠᠭᠠᠭᠠᠴᠢᠯᠠᠯᠲᠠ ᠵᠠᠷᠯᠠᠭᠴᠢ ᠲᠤᠬᠠᠢ ᠶᠢᠨ ᠲᠠᠯᠠᠪᠠᠢ ᠳᠤ ᠲᠤᠰᠬᠠᠢ ᠮᠡᠷᠭᠡᠵᠢᠯᠲᠡᠨ ᠰᠤᠭᠤᠴᠢᠨ ᠬᠡᠷᠡᠭᠯᠡᠬᠦ ᠶᠢ ᠠᠪᠤᠭᠰᠠᠨ ᠪᠠᠶᠢᠪᠠᠯ

᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠤᠨ ᠠᠵᠢᠯᠲᠠᠨ ᠲᠤᠬᠠᠢ ᠶᠢᠨ ᠲᠠᠯᠠᠪᠠᠢ ᠳᠤ ᠨᠢ ᠬᠢᠨᠠᠯᠲᠠ ᠲᠠᠯᠪᠢᠵᠤ᠂ ᠣᠯᠠᠨ ᠨᠡᠶᠢᠲᠠ ᠶᠢᠨ ᠡᠬᠢ

ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠵᠢᠯᠯᠠᠭᠤᠯᠵᠤ ᠦᠢᠯᠡᠴᠢᠯᠡᠬᠦ ᠪᠠᠶᠢᠭᠤᠯᠤᠮᠵᠢ ᠶᠢᠨ ᠠᠵᠢᠯᠲᠠᠨ ᠠᠴᠠ ᠴᠢᠬᠤᠯᠠ ᠪᠦᠬᠦᠢ ᠵᠥᠪᠯᠡᠮᠵᠢ ᠥᠭᠬᠦ ᠦᠢᠯᠡᠴᠢᠯᠡᠭᠡ

ᠪᠠ ᠠᠵᠢᠯᠯᠠᠭᠠᠨ ᠳᠤ ᠬᠠᠪᠰᠤᠷᠤᠮᠵᠢ ᠬᠠᠩᠭᠠᠬᠤ ᠬᠡᠷᠡᠭᠲᠡᠢ᠃

       ᠰᠦᠯᠵᠢᠶᠡᠨ ᠳᠡᠭᠡᠷ᠎ᠡ ᠲᠤᠰᠬᠠᠢ ᠮᠡᠷᠭᠡᠵᠢᠯᠲᠡᠨ ᠰᠤᠭᠤᠴᠢᠨ ᠬᠡᠷᠡᠭᠯᠡᠬᠦ ᠬᠡᠯᠪᠡᠷᠢ ᠶᠢ ᠠᠪᠤᠭᠰᠠᠨ ᠪᠠᠶᠢᠪᠠᠯ᠂ ᠳᠠᠭᠠᠭᠠᠴᠢᠯᠠᠯᠲᠠ ᠵᠠᠷᠯᠠᠭᠴᠢ ᠠᠴᠠ ᠰᠤᠭᠤᠴᠢᠨ

ᠬᠡᠷᠡᠭᠯᠡᠭᠰᠡᠨ ᠦᠷ᠎ᠡ ᠳ᠋ᠦᠩ ᠳᠤ ᠨᠤᠲᠠᠯᠠᠯᠲᠠ ᠬᠢᠬᠦ ᠬᠡᠷᠡᠭᠲᠡᠢ᠃

       ᠵᠢᠷᠭᠤᠳᠤᠭᠠᠷ ᠪᠦᠯᠦᠭ ᠲᠤᠰᠬᠠᠢ ᠮᠡᠷᠭᠡᠵᠢᠯᠲᠡᠨ ᠤ ᠬᠠᠮᠢᠶᠠᠷᠤᠯᠲᠠ

       ᠬᠤᠷᠢ ᠶᠢᠰᠦᠳᠦᠭᠡᠷ ᠵᠦᠢᠯ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠵᠢᠯᠯᠠᠭᠤᠯᠵᠤ ᠦᠢᠯᠡᠴᠢᠯᠡᠬᠦ

ᠪᠠᠶᠢᠭᠤᠯᠤᠮᠵᠢ ᠨᠢ ᠲᠣᠰ ᠲᠠᠯᠠᠪᠤᠷ ᠭᠠᠵᠠᠷ ᠲᠠᠬᠢ ᠳᠠᠭᠠᠭᠠᠴᠢᠯᠠᠯᠲᠠ ᠬᠢᠨᠠᠨ ᠦᠨᠡᠯᠡᠬᠦ ᠠᠵᠢᠯᠯᠠᠭ᠎ᠠ ᠳᠤ ᠣᠷᠣᠯᠴᠠᠭᠰᠠᠨ ᠲᠤᠰᠬᠠᠢ ᠮᠡᠷᠭᠡᠵᠢᠯᠲᠡᠨ ᠤ ᠨᠥᠯᠥᠭᠡ ᠮᠠᠭᠤᠲᠠᠢ

ᠦᠢᠯᠡ ᠠᠵᠢᠯᠯᠠᠭ᠎ᠠ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠤᠷᠢᠶᠠᠨ ᠴᠤᠭᠯᠠᠭᠤᠯᠬᠤ ᠪᠠ ᠰᠢᠩᠭᠡᠭᠡᠨ ᠲᠡᠮᠳᠡᠭᠯᠡᠬᠦ ᠠᠵᠢᠯ ᠢ

ᠬᠠᠷᠢᠭᠤᠴᠠᠵᠤ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠦᠨ ᠬᠦᠷᠭᠡᠵᠦ ᠮᠠᠭᠠᠳᠯᠠᠨ

ᠲᠣᠭᠲᠠᠭᠠᠯᠭᠠᠵᠤ ᠰᠢᠢᠳᠪᠦᠷᠢᠯᠡᠭᠦᠯᠬᠦ ᠶᠢᠨ ᠬᠠᠮᠲᠤ ᠪᠠᠶᠢᠴᠠᠭᠠᠨ ᠰᠢᠢᠳᠪᠦᠷᠢᠯᠡᠬᠦ ᠠᠵᠢᠯ ᠳᠤ ᠰᠠᠶᠢᠲᠤᠷ ᠬᠠᠮᠵᠢᠯᠴᠠᠬᠤ ᠬᠡᠷᠡᠭᠲᠡᠢ᠃

       ᠭᠤᠴᠢᠳᠤᠭᠠᠷ ᠵᠦᠢᠯ ᠳᠠᠭᠠᠭᠠᠴᠢᠯᠠᠯᠲᠠ ᠵᠠᠷᠯᠠᠭᠴᠢ᠂ ᠣᠷᠣᠯᠠᠨ ᠳᠠᠭᠠᠭᠠᠴᠢᠯᠠᠯᠲᠠ ᠵᠠᠷᠯᠠᠬᠤ ᠪᠠᠶᠢᠭᠤᠯᠤᠮᠵᠢ᠂ ᠳᠠᠭᠠᠭᠠᠴᠢᠯᠠᠯᠲᠠ ᠬᠦᠯᠢᠶᠡᠭᠴᠢ ᠠᠴᠠ ᠲᠤᠰᠬᠠᠢ

ᠮᠡᠷᠭᠡᠵᠢᠯᠲᠡᠨ ᠤ ᠬᠠᠤᠯᠢ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠠᠯ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠬᠤ

ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠵᠦ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠨᠢ ᠬᠠᠤᠯᠢ ᠲᠣᠭᠲᠠᠭᠠᠯ

ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃

       ᠭᠤᠴᠢᠨ ᠨᠢᠭᠡᠳᠦᠭᠡᠷ ᠵᠦᠢᠯ ᠡᠯ᠎ᠡ ᠱᠠᠲᠤᠨ ᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠨᠢ ᠲᠣᠰ ᠠᠵᠢᠯ ᠲᠥᠷᠥᠯ ᠤᠨ ᠲᠤᠰᠬᠠᠢ

ᠮᠡᠷᠭᠡᠵᠢᠯᠲᠡᠨ ᠢ ᠬᠥᠳᠡᠯᠦᠩᠭᠦᠢ ᠪᠠᠷ ᠬᠠᠮᠢᠶᠠᠷᠴᠤ᠂ ᠲᠤᠰᠬᠠᠢ ᠮᠡᠷᠭᠡᠵᠢᠯᠲᠡᠨ ᠢ ᠬᠥᠳᠡᠯᠦᠩᠭᠦᠢ ᠪᠠᠷ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ᠂ ᠬᠢᠷᠢ ᠲᠡᠩᠴᠡᠬᠦ

ᠦᠭᠡᠢ ᠲᠤᠰᠬᠠᠢ ᠮᠡᠷᠭᠡᠵᠢᠯᠲᠡᠨ ᠢ ᠴᠠᠭ ᠲᠤᠬᠠᠢ ᠳᠤ ᠨᠢ ᠢᠯᠭᠠᠷᠠᠭᠤᠯᠤᠨ ᠭᠠᠷᠭᠠᠬᠤ ᠬᠡᠷᠡᠭᠲᠡᠢ᠃

       ᠭᠤᠴᠢᠨ ᠬᠤᠶᠠᠳᠤᠭᠠᠷ ᠵᠦᠢᠯ ᠡᠯ᠎ᠡ ᠱᠠᠲᠤᠨ ᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠠᠴᠠ ᠲᠤᠰᠬᠠᠢ ᠮᠡᠷᠭᠡᠵᠢᠯᠲᠡᠨ ᠳᠤ

ᠳᠠᠭᠠᠭᠠᠴᠢᠯᠠᠯᠲᠠ ᠬᠢᠨᠠᠨ ᠦᠨᠡᠯᠡᠬᠦ ᠶᠢ ᠲᠦᠷ ᠵᠣᠭᠰᠣᠭᠠᠬᠤ ᠰᠢᠢᠳᠭᠡᠯ ᠲᠣᠷᠭᠠᠭᠤᠯᠢ ᠥᠭᠭᠦᠭᠰᠡᠨ ᠬᠤᠭᠤᠴᠠᠭᠠᠨ ᠳᠤ᠂ ᠲᠡᠭᠦᠨ ᠤ ᠳᠠᠭᠠᠭᠠᠴᠢᠯᠠᠯᠲᠠ ᠬᠢᠨᠠᠨ ᠦᠨᠡᠯᠡᠬᠦ

ᠺᠣᠮᠢᠰ ᠤᠨ ᠪᠦᠷᠢᠯᠳᠦᠭᠦᠨ ᠤ ᠠᠵᠢᠯ ᠢ ᠡᠭᠦᠷᠬᠡᠯᠡᠬᠦ ᠬᠢᠷᠢ ᠭᠡᠮ ᠢ ᠨᠢ ᠲᠦᠷ ᠵᠣᠭᠰᠣᠭᠠᠬᠤ ᠬᠡᠷᠡᠭᠲᠡᠢ᠃

       ᠭᠤᠴᠢᠨ ᠭᠤᠷᠪᠠᠳᠤᠭᠠᠷ ᠵᠦᠢᠯ ᠲᠤᠰᠬᠠᠢ ᠮᠡᠷᠭᠡᠵᠢᠯᠲᠡᠨ ᠳᠤ ᠳᠣᠣᠷ᠎ᠠ ᠵᠢᠭᠰᠠᠭᠠᠭᠰᠠᠨ ᠪᠠᠶᠢᠳᠠᠯ ᠠᠴᠠ ᠨᠢᠭᠡ ᠨᠢ ᠪᠠᠶᠢᠪᠠᠯ᠂ ᠲᠤᠰᠬᠠᠢ ᠮᠡᠷᠭᠡᠵᠢᠯᠲᠡᠨ ᠤ ᠬᠢᠷᠢ

ᠭᠡᠮ ᠢ ᠨᠢ ᠵᠣᠭᠰᠣᠭᠠᠬᠤ ᠬᠡᠷᠡᠭᠲᠡᠢ᠄

       ︵ᠨᠢᠭᠡ︶ ᠪᠦᠬᠦᠯᠢ 70 ᠨᠠᠰᠤᠨ ᠠᠴᠠ ᠬᠡᠲᠦᠷᠡᠭᠰᠡᠨ ᠪᠠᠶᠢᠪᠠᠯ᠂ ᠰᠢᠰᠲ᠋ᠧᠮ ᠠᠴᠠ ᠠᠶᠠᠨᠳᠠᠭᠠᠨ ᠲᠡᠭᠦᠨ ᠤ ᠲᠤᠰᠬᠠᠢ ᠮᠡᠷᠭᠡᠵᠢᠯᠲᠡᠨ ᠤ ᠬᠢᠷᠢ ᠭᠡᠮ ᠢ ᠨᠢ

ᠵᠣᠭᠰᠣᠭᠠᠨ᠎ᠠ︔

       ︵ᠬᠤᠶᠠᠷ︶ ᠲᠣᠰ ᠬᠥᠮᠥᠨ ᠨᠢ ᠲᠤᠰᠬᠠᠢ ᠮᠡᠷᠭᠡᠵᠢᠯᠲᠡᠨ ᠤ ᠠᠵᠢᠯ ᠢ ᠡᠭᠦᠷᠬᠡᠯᠡᠬᠦ ᠪᠠᠨ ᠪᠣᠯᠢᠬᠤ ᠭᠤᠶᠤᠴᠢᠯᠠᠯ ᠭᠠᠷᠭᠠᠭᠰᠠᠨ︔

       ︵ᠭᠤᠷᠪᠠ︶ ᠪᠡᠶ᠎ᠡ ᠮᠠᠬᠠᠪᠤᠳ ᠡᠷᠡᠭᠦᠯ ᠴᠢᠬᠢᠷᠠᠭ ᠪᠤᠶᠤ ᠠᠵᠢᠯ ᠤᠨ ᠵᠡᠷᠭᠡ ᠰᠢᠯᠲᠠᠭᠠᠨ ᠠᠴᠠ ᠪᠣᠯᠵᠤ ᠲᠤᠰᠬᠠᠢ ᠮᠡᠷᠭᠡᠵᠢᠯᠲᠡᠨ ᠤ ᠠᠵᠢᠯ ᠢ ᠦᠷᠭᠦᠯᠵᠢᠯᠡᠨ

ᠡᠭᠦᠷᠬᠡᠯᠡᠵᠦ ᠳᠡᠶᠢᠯᠬᠦ ᠦᠭᠡᠢ ᠪᠣᠯᠣᠭᠰᠠᠨ︔

       ︵ᠳᠥᠷᠪᠡ︶ ᠬᠠᠤᠯᠢ ᠴᠠᠭᠠᠵᠠ ᠬᠠᠤᠯᠢ ᠲᠣᠭᠲᠠᠭᠠᠯ ᠲᠣᠭᠲᠠᠭᠠᠯ ᠳᠦᠷᠢᠮ ᠳᠤ ᠲᠣᠭᠲᠠᠭᠠᠭᠰᠠᠨ ᠪᠤᠰᠤᠳ ᠪᠠᠶᠢᠳᠠᠯ᠃

       ᠭᠤᠴᠢᠨ ᠳᠥᠷᠪᠡᠳᠦᠭᠡᠷ ᠵᠦᠢᠯ ᠲᠤᠰᠬᠠᠢ ᠮᠡᠷᠭᠡᠵᠢᠯᠲᠡᠨ ᠳᠤ ᠳᠣᠣᠷ᠎ᠠ ᠵᠢᠭᠰᠠᠭᠠᠭᠰᠠᠨ ᠪᠠᠶᠢᠳᠠᠯ ᠠᠴᠠ ᠨᠢᠭᠡ ᠨᠢ ᠪᠠᠶᠢᠪᠠᠯ᠂ ᠳᠠᠭᠠᠭᠠᠴᠢᠯᠠᠯᠲᠠ ᠬᠢᠨᠠᠨ

ᠦᠨᠡᠯᠡᠬᠦ ᠺᠣᠮᠢᠰ ᠤᠨ ᠪᠦᠷᠢᠯᠳᠦᠭᠦᠨ ᠤ ᠠᠵᠢᠯ ᠢ ᠡᠭᠦᠷᠬᠡᠯᠡᠬᠦ ᠬᠢᠷᠢ ᠭᠡᠮ ᠢ ᠨᠢ ᠬᠠᠰᠤᠬᠤ ᠬᠡᠷᠡᠭᠲᠡᠢ᠄

       ︵ᠨᠢᠭᠡ︶ ᠦᠨᠡᠨ ᠪᠣᠳᠠᠲᠤ ᠪᠢᠰᠢ ᠮᠡᠳᠡᠭᠡ ᠵᠠᠩᠬᠢ ᠪᠠ ᠬᠠᠭᠤᠷᠮᠠᠭ ᠮᠠᠲ᠋ᠧᠷᠢᠶᠠᠯ ᠢᠶᠠᠷ ᠲᠤᠰᠬᠠᠢ ᠮᠡᠷᠭᠡᠵᠢᠯᠲᠡᠨ ᠤ ᠬᠢᠷᠢ ᠭᠡᠮ ᠢ ᠮᠡᠬᠡᠯᠡᠨ ᠣᠯᠣᠭᠰᠠᠨ︔

       ︵ᠬᠤᠶᠠᠷ︶ ᠡᠳᠦᠷ ᠲᠤᠲᠤᠮ ᠤᠨ ᠲᠤᠰᠢᠶᠠᠯ ᠢᠶᠠᠨ ᠭᠦᠢᠴᠡᠳᠭᠡᠬᠦ ᠦᠢᠯᠡ ᠠᠵᠢᠯᠯᠠᠭ᠎ᠠ ᠳᠤ ᠨᠢ ᠬᠦᠨᠳᠦ ᠶᠡᠭᠡ ᠠᠯᠳᠠᠭ᠎ᠠ ᠪᠤᠷᠤᠭᠤ ᠭᠠᠷᠤᠭᠰᠠᠨ︔

       ︵ᠭᠤᠷᠪᠠ︶ ᠱᠠᠭᠠᠷᠳᠠᠯᠭ᠎ᠠ ᠶᠣᠰᠣᠭᠠᠷ ᠬᠥᠮᠥᠵᠢᠯ ᠪᠣᠯᠪᠠᠰᠤᠷᠠᠯ ᠳᠤ ᠣᠷᠣᠯᠴᠠᠭᠰᠠᠨ ᠦᠭᠡᠢ ᠪᠤᠶᠤ ᠰᠢᠯᠭᠠᠨ ᠬᠢᠨᠠᠯᠲᠠ ᠦᠨᠡᠯᠡᠯᠲᠡ ᠳᠤ ᠬᠢᠷᠢ ᠲᠡᠩᠴᠡᠭᠰᠡᠨ

ᠦᠭᠡᠢ︔

       ︵ᠳᠥᠷᠪᠡ︶ ᠲᠣᠭᠲᠠᠭᠠᠯ ᠶᠣᠰᠣᠭᠠᠷ ᠳᠠᠭᠠᠭᠠᠴᠢᠯᠠᠯᠲᠠ ᠬᠢᠨᠠᠨ ᠦᠨᠡᠯᠡᠭᠰᠡᠨ ᠦᠭᠡᠢ᠂ ᠬᠤᠪᠢ ᠶᠢᠨ ᠨᠠᠶᠢᠷ ᠲᠠᠯ᠎ᠠ ᠬᠠᠷᠠᠵᠤ ᠬᠠᠤᠯᠢ ᠶᠣᠰᠣ ᠶᠢ ᠵᠥᠷᠢᠴᠡᠬᠦ᠂

ᠳᠠᠭᠠᠭᠠᠴᠢᠯᠠᠯᠲᠠ ᠬᠢᠨᠠᠨ ᠦᠨᠡᠯᠡᠬᠦ ᠰᠠᠬᠢᠯᠭ᠎ᠠ ᠪᠠᠲᠤ ᠪᠠ ᠬᠤᠯᠪᠣᠭᠳᠠᠯ ᠪᠦᠬᠦᠢ ᠲᠣᠭᠲᠠᠭᠠᠯ ᠠᠴᠠ ᠵᠥᠷᠢᠴᠡᠭᠰᠡᠨ︔

       ︵ᠲᠠᠪᠤ︶ ᠡᠷᠡᠭᠦᠦ ᠶᠢᠨ ᠬᠡᠷᠡᠭ ᠤᠨ ᠰᠢᠢᠳᠭᠡᠯ ᠲᠣᠷᠭᠠᠭᠤᠯᠢ ᠣᠯᠣᠭᠰᠠᠨ︔

       ︵ᠵᠢᠷᠭᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠲᠣᠭᠲᠠᠭᠠᠯ ᠳᠦᠷᠢᠮ ᠳᠤ ᠲᠣᠭᠲᠠᠭᠠᠭᠰᠠᠨ ᠪᠤᠰᠤᠳ ᠪᠠᠶᠢᠳᠠᠯ᠃

       ᠭᠤᠴᠢᠨ ᠲᠠᠪᠤᠳᠤᠭᠠᠷ ᠵᠦᠢᠯ ᠳᠠᠭᠠᠭᠠᠴᠢᠯᠠᠯᠲᠠ ᠬᠢᠨᠠᠨ ᠦᠨᠡᠯᠡᠬᠦ ᠺᠣᠮᠢᠰ ᠤᠨ ᠪᠦᠷᠢᠯᠳᠦᠭᠦᠨ ᠤ ᠠᠵᠢᠯ ᠢ ᠡᠭᠦᠷᠬᠡᠯᠡᠬᠦ ᠬᠢᠷᠢ ᠭᠡᠮ ᠢᠶᠠᠨ ᠬᠠᠰᠤᠭᠤᠯᠤᠭᠰᠠᠨ

ᠬᠥᠮᠥᠰ ᠢ ᠡᠯ᠎ᠡ ᠱᠠᠲᠤᠨ ᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ

ᠬᠥᠮᠥᠷᠭᠡ ᠠᠴᠠ ᠴᠠᠭ ᠲᠤᠬᠠᠢ ᠳᠤ ᠨᠢ ᠢᠯᠭᠠᠷᠠᠭᠤᠯᠤᠨ ᠭᠠᠷᠭᠠᠬᠤ ᠬᠡᠷᠡᠭᠲᠡᠢ᠃ ᠳᠠᠭᠠᠭᠠᠴᠢᠯᠠᠯᠲᠠ ᠵᠠᠷᠯᠠᠭᠴᠢ ᠨᠢ ᠳᠠᠭᠠᠭᠠᠴᠢᠯᠠᠯᠲᠠ ᠬᠢᠨᠠᠨ ᠦᠨᠡᠯᠡᠬᠦ ᠶᠢ ᠲᠦᠷ

ᠵᠣᠭᠰᠣᠭᠠᠬᠤ ᠰᠢᠢᠳᠭᠡᠯ ᠲᠣᠷᠭᠠᠭᠤᠯᠢ ᠶᠢᠨ ᠬᠤᠭᠤᠴᠠᠭᠠᠨ ᠳᠤ ᠪᠠᠶᠢᠭ᠎ᠠ ᠲᠤᠰᠬᠠᠢ ᠮᠡᠷᠭᠡᠵᠢᠯᠲᠡᠨ ᠪᠤᠶᠤ ᠨᠢᠭᠡᠨᠲᠡ ᠳᠠᠭᠠᠭᠠᠴᠢᠯᠠᠯᠲᠠ ᠬᠢᠨᠠᠨ ᠦᠨᠡᠯᠡᠬᠦ ᠺᠣᠮᠢᠰ ᠤᠨ

ᠪᠦᠷᠢᠯᠳᠦᠭᠦᠨ ᠤ ᠬᠢᠷᠢ ᠭᠡᠮ ᠢᠶᠠᠨ ᠬᠠᠰᠤᠭᠤᠯᠤᠭᠰᠠᠨ ᠬᠥᠮᠥᠰ ᠢ ᠤᠷᠢᠵᠤ ᠳᠠᠭᠠᠭᠠᠴᠢᠯᠠᠯᠲᠠ ᠬᠢᠨᠠᠨ ᠦᠨᠡᠯᠡᠬᠦ ᠺᠣᠮᠢᠰ ᠤᠨ ᠪᠦᠷᠢᠯᠳᠦᠭᠦᠨ ᠤ ᠠᠵᠢᠯ ᠢ ᠡᠭᠦᠷᠭᠡᠯᠡᠭᠦᠯᠵᠦ

ᠪᠣᠯᠬᠤ ᠦᠭᠡᠢ᠃

       ᠭᠤᠴᠢᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠬᠥᠮᠥᠷᠭᠡ ᠨᠢ ᠲᠤᠰᠬᠠᠢ ᠮᠡᠷᠭᠡᠵᠢᠯᠲᠡᠨ ᠤ ᠨᠡᠷᠡᠰ ᠤᠨ ᠬᠠᠷ᠎ᠠ

ᠳᠠᠩᠰᠠ ᠶᠢᠨ ᠳᠦᠷᠢᠮ ᠢ ᠪᠠᠶᠢᠭᠤᠯᠵᠤ᠂ ᠰᠢᠢᠳᠭᠡᠵᠦ ᠲᠣᠷᠭᠠᠭᠳᠠᠭᠰᠠᠨ ᠲᠤᠰᠬᠠᠢ ᠮᠡᠷᠭᠡᠵᠢᠯᠲᠡᠨ ᠢ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠨᠡᠷᠡᠰ ᠤᠨ ᠬᠠᠷ᠎ᠠ

ᠳᠠᠩᠰᠠ ᠶᠢᠨ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠤᠨ᠂ ᠵᠣᠬᠢᠬᠤ ᠬᠤᠭᠤᠴᠠᠭᠠᠨ ᠳᠤ ᠰᠤᠭᠤᠴᠢᠨ ᠬᠡᠷᠡᠭᠯᠡᠬᠦ ᠠᠴᠠ ᠭᠠᠷᠭᠠᠨ᠎ᠠ᠃ ᠡᠯ᠎ᠡ ᠱᠠᠲᠤᠨ ᠤ ᠵᠠᠰᠠᠭ

ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠨᠢ ᠬᠦᠨᠳᠦ ᠨᠣᠴᠢᠲᠠᠢ ᠰᠢᠢᠳᠭᠡᠨ ᠲᠣᠷᠭᠠᠭᠳᠠᠭᠰᠠᠨ ᠲᠤᠰᠬᠠᠢ ᠮᠡᠷᠭᠡᠵᠢᠯᠲᠡᠨ ᠢ ᠬᠦᠨᠳᠦ ᠨᠣᠴᠢᠲᠠᠢ ᠢᠲᠡᠭᠡᠮᠵᠢ

ᠠᠯᠳᠠᠭᠰᠠᠨ ᠭᠤᠣᠯ ᠴᠣᠭᠴᠠ ᠶᠢᠨ ᠨᠡᠷᠡᠰ ᠲᠤ ᠬᠠᠤᠯᠢ ᠶᠣᠰᠣᠭᠠᠷ ᠵᠢᠭᠰᠠᠭᠠᠵᠤ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃

       ᠭᠤᠴᠢᠨ ᠳᠣᠯᠣᠳᠤᠭᠠᠷ ᠵᠦᠢᠯ ᠡᠯ᠎ᠡ ᠱᠠᠲᠤᠨ ᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠣᠯᠠᠨ ᠨᠡᠶᠢᠲᠡ ᠶᠢᠨ ᠡᠬᠢ ᠪᠠᠶᠠᠯᠢᠭ ᠤᠨ

ᠠᠷᠠᠯᠵᠢᠶᠠᠨ ᠤ ᠲᠠᠪᠴᠠᠩ ᠤᠨ ᠠᠵᠢᠯᠯᠠᠭᠤᠯᠵᠤ ᠦᠢᠯᠡᠴᠢᠯᠡᠬᠦ ᠪᠠᠶᠢᠭᠤᠯᠤᠮᠵᠢ ᠨᠢ ᠲᠤᠰᠬᠠᠢ ᠮᠡᠷᠭᠡᠵᠢᠯᠲᠡᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ

ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠤᠲᠠᠰᠤ ᠲᠣᠬᠢᠷᠠᠭᠤᠯᠬᠤ ᠶᠢᠨ ᠬᠠᠮᠲᠤ ᠬᠠᠮᠢᠶ᠎ᠠ ᠪᠦᠬᠦᠢ ᠰᠦᠯᠵᠢᠶᠡᠨ ᠥᠷᠳᠡᠭᠡ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ

ᠵᠡᠷᠭᠡ ᠳᠤ ᠢᠯᠡᠴᠢᠯᠡᠨ ᠮᠡᠳᠡᠭᠦᠯᠬᠦ ᠵᠠᠮ ᠱᠤᠭᠤᠮ ᠬᠠᠩᠭᠠᠬᠤ ᠬᠡᠷᠡᠭᠲᠡᠢ᠃

       ᠳᠣᠯᠣᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ

       ᠭᠤᠴᠢᠨ ᠨᠠᠢᠮᠠᠳᠤᠭᠠᠷ ᠵᠦᠢᠯ ᠳᠠᠭᠠᠭᠠᠴᠢᠯᠠᠯᠲᠠ ᠵᠠᠷᠯᠠᠭᠴᠢ ᠨᠢ ᠲᠣᠰ ᠠᠷᠭ᠎ᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠥᠪᠡᠷᠲᠡᠭᠡᠨ ᠵᠠᠰᠠᠬᠤ

ᠣᠷᠣᠨ ᠤ ᠲᠤᠰᠬᠠᠢ ᠮᠡᠷᠭᠡᠵᠢᠯᠲᠡᠨ ᠤ ᠬᠥᠮᠥᠷᠭᠡ ᠠᠴᠠ ᠲᠤᠰᠬᠠᠢ ᠮᠡᠷᠭᠡᠵᠢᠯᠲᠡᠨ ᠢ ᠲᠠᠰᠢᠷᠠᠮ ᠢᠶᠠᠷ ᠰᠤᠭᠤᠴᠢᠨ ᠬᠡᠷᠡᠭᠯᠡᠭᠰᠡᠨ ᠦᠭᠡᠢ ᠪᠠᠶᠢᠪᠠᠯ᠂ ᠡᠯ᠎ᠡ ᠱᠠᠲᠤᠨ ᠤ

ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠬᠠᠤᠯᠢ ᠶᠣᠰᠣᠭᠠᠷ ᠲᠡᠭᠦᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃

       ᠭᠤᠴᠢ ᠶᠢᠰᠦᠳᠦᠭᠡᠷ ᠵᠦᠢᠯ ᠲᠤᠰᠬᠠᠢ ᠮᠡᠷᠭᠡᠵᠢᠯᠲᠡᠨ ᠨᠢ ᠲᠣᠰ ᠠᠷᠭ᠎ᠠ ᠶᠢᠨ ᠬᠤᠯᠪᠣᠭᠳᠠᠯ ᠪᠦᠬᠦᠢ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠬᠤᠯᠪᠣᠭᠳᠠᠯ

ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠠᠴᠠ ᠵᠠᠯᠠᠷᠠᠭᠤᠯᠬᠤ ᠪᠠᠷ ᠵᠠᠷᠯᠢᠭᠳᠠᠨ᠂ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ

ᠦᠨᠳᠦᠰᠦᠯᠡᠨ ᠲᠡᠭᠦᠨ ᠤ ᠳᠠᠭᠠᠭᠠᠴᠢᠯᠠᠯᠲᠠ ᠬᠢᠨᠠᠨ ᠦᠨᠡᠯᠡᠬᠦ ᠠᠵᠢᠯᠯᠠᠭ᠎ᠠ ᠳᠤ ᠣᠷᠣᠯᠴᠠᠬᠤ ᠡᠷᠬᠡ ᠶᠢ ᠨᠢ ᠲᠦᠷ ᠵᠣᠭᠰᠣᠭᠠᠬᠤ ᠪᠤᠶᠤ ᠬᠠᠰᠤᠬᠤ ᠶᠢᠨ ᠬᠠᠮᠲᠤ

ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠬᠠᠮᠢᠶᠠᠷᠤᠯᠲᠠ ᠶᠢᠨ ᠨᠢᠭᠡᠴᠢ᠂ ᠲᠤᠰᠬᠠᠢ ᠮᠡᠷᠭᠡᠵᠢᠯᠲᠡᠨ ᠤ ᠪᠠᠶᠢᠭ᠎ᠠ ᠨᠢᠭᠡᠴᠢ ᠪᠠ

ᠬᠥᠮᠥᠷᠭᠡ ᠳᠤ ᠣᠷᠣᠭᠤᠯᠬᠤ ᠶᠢ ᠬᠢᠨᠠᠨ ᠪᠠᠶᠢᠴᠠᠭᠠᠭᠰᠠᠨ ᠨᠢᠭᠡᠴᠢ ᠳᠤ ᠨᠡᠪᠲᠡᠷᠡᠭᠦᠯᠦᠨ ᠮᠡᠳᠡᠭᠡᠯᠡᠨ᠎ᠡ᠃ ᠲᠤᠰᠬᠠᠢ ᠮᠡᠷᠭᠡᠵᠢᠯᠲᠡᠨ ᠤ ᠬᠢᠷᠢ ᠭᠡᠮ ᠢ ᠲᠦᠷ ᠵᠣᠭᠰᠣᠭᠠᠬᠤ

ᠪᠤᠶᠤ ᠬᠠᠰᠤᠭᠰᠠᠨ ᠰᠢᠢᠳᠪᠦᠷᠢ ᠶᠢ ᠢᠯᠡ ᠨᠡᠶᠢᠲᠡᠯᠡᠬᠦ ᠬᠡᠷᠡᠭᠲᠡᠢ ᠮᠥᠷᠲᠡᠭᠡᠨ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠢ᠃ ᠰᠠᠬᠢᠯᠭ᠎ᠠ ᠪᠠᠲᠤ ᠶᠢ

ᠵᠥᠷᠢᠴᠡᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠬᠦᠷᠭᠡᠵᠦ ᠬᠠᠮᠢᠶ᠎ᠠ ᠪᠦᠬᠦᠢ ᠬᠥᠮᠥᠰ ᠠᠴᠠ

ᠬᠠᠷᠢᠭᠤᠴᠠᠯᠭ᠎ᠠ ᠨᠡᠬᠡᠮᠵᠢᠯᠡᠨ᠎ᠡ︔ ᠬᠠᠤᠯᠢ ᠠᠴᠠ ᠵᠥᠷᠢᠴᠡᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ

ᠬᠦᠷᠭᠡᠵᠦ ᠰᠢᠢᠳᠪᠦᠷᠢᠯᠡᠭᠦᠯᠦᠨ᠎ᠡ᠃

       ᠳᠥᠴᠢᠳᠦᠭᠡᠷ ᠵᠦᠢᠯ ᠡᠯ᠎ᠡ ᠱᠠᠲᠤᠨ ᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠪᠠ ᠣᠯᠠᠨ ᠨᠡᠶᠢᠲᠡ ᠶᠢᠨ ᠡᠬᠢ ᠪᠠᠶᠠᠯᠢᠭ ᠤᠨ

ᠠᠷᠠᠯᠵᠢᠶᠠᠨ ᠤ ᠠᠵᠢᠯ ᠳᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠦᠬᠦᠢ ᠪᠠᠶᠢᠭᠤᠯᠤᠮᠵᠢ ᠵᠢᠴᠢ ᠠᠵᠢᠯᠲᠠᠨ᠂ ᠡᠯ᠎ᠡ ᠱᠠᠲᠤᠨ ᠤ ᠣᠯᠠᠨ ᠨᠡᠶᠢᠲᠡ ᠶᠢᠨ ᠡᠬᠢ

ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠵᠢᠯᠯᠠᠭᠤᠯᠵᠤ ᠦᠢᠯᠡᠴᠢᠯᠡᠬᠦ ᠪᠠᠶᠢᠭᠤᠯᠤᠮᠵᠢ ᠵᠢᠴᠢ ᠲᠡᠭᠦᠨ ᠤ ᠠᠵᠢᠯᠲᠠᠨ ᠲᠣᠰ ᠠᠷᠭ᠎ᠠ ᠶᠢᠨ ᠬᠤᠯᠪᠣᠭᠳᠠᠯ ᠪᠦᠬᠦᠢ

ᠲᠣᠭᠲᠠᠭᠠᠯ ᠠᠴᠠ ᠵᠥᠷᠢᠴᠡᠭᠰᠡᠨ ᠪᠤᠶᠤ ᠲᠣᠭᠲᠠᠭᠠᠯ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠢ ᠪᠠᠶᠢᠪᠠᠯ᠂ ᠬᠠᠮᠢᠶᠠᠷᠤᠯᠲᠠ ᠶᠢᠨ ᠡᠷᠬᠡ ᠶᠢᠨ

ᠬᠢᠵᠠᠭᠠᠷᠯᠠᠯ ᠢᠶᠠᠷ᠂ ᠲᠡᠭᠦᠨ ᠤ ᠪᠠᠶᠢᠭ᠎ᠠ ᠨᠢᠭᠡᠴᠢ ᠪᠤᠶᠤ ᠳᠡᠭᠡᠷ᠎ᠡ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠯᠠᠷᠠᠭᠤᠯᠬᠤ ᠪᠠᠷ ᠵᠠᠷᠯᠢᠭᠳᠠᠬᠤ ᠶᠢᠨ

ᠬᠠᠮᠲᠤ ᠨᠡᠪᠲᠡᠷᠡᠭᠦᠯᠦᠨ ᠮᠡᠳᠡᠭᠡᠯᠡᠵᠦ ᠰᠢᠭᠦᠮᠵᠢᠯᠡᠨ᠎ᠡ︔ ᠰᠠᠬᠢᠯᠭ᠎ᠠ ᠪᠠᠲᠤ ᠶᠢ ᠵᠥᠷᠢᠴᠡᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ

ᠪᠠᠶᠢᠴᠠᠭᠠᠬᠤ ᠪᠠᠶᠢᠭᠤᠯᠭ᠎ᠠ ᠳᠤ ᠬᠦᠷᠭᠡᠵᠦ ᠬᠠᠮᠢᠶ᠎ᠠ ᠪᠦᠬᠦᠢ ᠬᠥᠮᠥᠰ ᠠᠴᠠ ᠬᠠᠷᠢᠭᠤᠴᠠᠯᠭ᠎ᠠ ᠨᠡᠬᠡᠮᠵᠢᠯᠡᠨ᠎ᠡ︔ ᠬᠠᠤᠯᠢ ᠠᠴᠠ ᠵᠥᠷᠢᠴᠡᠨ ᠶᠠᠯ᠎ᠠ ᠬᠢᠭᠰᠡᠨ ᠢᠶᠠᠷ

ᠰᠡᠵᠢᠭᠯᠡᠭᠳᠡᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃

       ᠨᠠᠢᠮᠠᠳᠤᠭᠠᠷ ᠪᠦᠯᠦᠭ ᠳᠠᠭᠠᠯᠳᠤᠭᠤᠯᠤᠯ ᠳᠦᠷᠢᠮ

       ᠳᠥᠴᠢᠨ ᠨᠢᠭᠡᠳᠦᠭᠡᠷ ᠵᠦᠢᠯ ᠡᠯ᠎ᠡ ᠱᠠᠲᠤᠨ ᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠠᠴᠠ ᠬᠠᠮᠢᠶᠠᠷᠴᠤ ᠪᠠᠶᠢᠭ᠎ᠠ ᠲᠤᠰᠬᠠᠢ

ᠮᠡᠷᠭᠡᠵᠢᠯᠲᠡᠨ ᠤ ᠬᠥᠮᠥᠷᠭᠡ ᠶᠢ ᠨᠢᠭᠡᠳᠦᠯᠲᠡᠢ ᠡᠮᠬᠢᠯᠡᠨ ᠨᠡᠶᠢᠯᠡᠭᠦᠯᠦᠭᠡᠳ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠬᠥᠮᠥᠷᠭᠡ ᠳᠤ ᠲᠥᠪᠯᠡᠷᠡᠭᠦᠯᠦᠨ

ᠬᠠᠮᠢᠶᠠᠷᠴᠤ᠂ ᠲᠤᠰᠬᠠᠢ ᠮᠡᠷᠭᠡᠵᠢᠯᠲᠡᠨ ᠤ ᠡᠬᠢ ᠪᠠᠶᠠᠯᠢᠭ ᠢ ᠪᠥᠬᠦ ᠣᠷᠣᠨ ᠢᠶᠠᠷ ᠢᠶᠠᠨ ᠬᠠᠮᠲᠤ ᠳᠤ ᠪᠠᠨ ᠬᠡᠷᠡᠭᠯᠡᠵᠦ ᠬᠦᠷᠲᠡᠬᠦ ᠶᠢ ᠪᠡᠶᠡᠯᠡᠬᠦᠯᠬᠦ ᠬᠡᠷᠡᠭᠲᠡᠢ᠃

       ᠳᠥᠴᠢᠨ ᠬᠤᠶᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠳᠠᠭᠠᠭᠠᠴᠢᠯᠠᠯᠲᠠ ᠵᠠᠷᠯᠠᠭᠴᠢ ᠭᠡᠳᠡᠭ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ

ᠠᠷᠠᠯᠵᠢᠶᠠᠨ ᠤ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠭᠴᠢ᠂ ᠬᠤᠳᠠᠯᠳᠤᠨ ᠠᠪᠤᠭᠴᠢ᠂ ᠨᠠᠶᠢᠳᠠᠭᠴᠢ ᠵᠡᠷᠭᠡ ᠶᠢ ᠵᠢᠭᠠᠨ᠎ᠠ︔ ᠳᠠᠭᠠᠭᠠᠴᠢᠯᠠᠯᠲᠠ ᠬᠦᠯᠢᠶᠡᠭᠴᠢ

ᠭᠡᠳᠡᠭ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠣᠷᠣᠯᠴᠠᠭᠰᠠᠨ ᠳᠠᠭᠠᠭᠠᠴᠢᠯᠠᠯᠲᠠ ᠬᠦᠯᠢᠶᠡᠭᠴᠢ᠂

ᠬᠠᠩᠭᠠᠯᠭ᠎ᠠ ᠶᠢᠨ ᠬᠤᠳᠠᠯᠳᠤᠭᠠᠴᠢᠨ᠂ ᠥᠷᠢᠰᠦᠯᠳᠦᠨ ᠬᠤᠳᠠᠯᠳᠤᠨ ᠠᠪᠤᠭᠴᠢ ᠵᠡᠷᠭᠡ ᠶᠢ ᠵᠢᠭᠠᠵᠤ ᠪᠣᠢ᠃

       ᠳᠥᠴᠢᠨ ᠭᠤᠷᠪᠠᠳᠤᠭᠠᠷ ᠵᠦᠢᠯ ᠬᠠᠤᠯᠢ ᠶᠣᠰᠣᠭᠠᠷ ᠡᠷᠬᠡᠪᠰᠢ ᠳᠠᠭᠠᠭᠠᠴᠢᠯᠠᠯᠲᠠ ᠵᠠᠷᠯᠠᠬᠤ ᠴᠢᠬᠤᠯᠠᠲᠠᠢ ᠪᠤᠰᠤ ᠲᠥᠷᠥᠯ ᠵᠦᠢᠯ ᠳᠤ ᠳᠠᠭᠠᠭᠠᠴᠢᠯᠠᠯᠲᠠ

ᠵᠠᠷᠯᠠᠭᠴᠢ᠂ ᠣᠷᠣᠯᠠᠨ ᠳᠠᠭᠠᠭᠠᠴᠢᠯᠠᠯᠲᠠ ᠵᠠᠷᠯᠠᠬᠤ ᠪᠠᠶᠢᠭᠤᠯᠤᠮᠵᠢ ᠠᠴᠠ ᠳᠠᠭᠠᠭᠠᠴᠢᠯᠠᠯᠲᠠ ᠬᠢᠨᠠᠨ ᠦᠨᠡᠯᠡᠬᠦ ᠠᠵᠢᠯᠯᠠᠭ᠎ᠠ ᠳᠤ ᠣᠷᠣᠯᠴᠠᠭᠰᠠᠨ ᠲᠤᠰᠬᠠᠢ

ᠮᠡᠷᠭᠡᠵᠢᠯᠲᠡᠨ ᠤ ᠨᠥᠯᠥᠭᠡ ᠮᠠᠭᠤᠲᠠᠢ ᠦᠢᠯᠡ ᠠᠵᠢᠯᠯᠠᠭ᠎ᠠ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠬᠤᠷᠢᠶᠠᠨ ᠴᠤᠭᠯᠠᠭᠤᠯᠬᠤ ᠪᠠ

ᠰᠢᠩᠭᠡᠭᠡᠨ ᠲᠡᠮᠳᠡᠭᠯᠡᠨ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠦᠨ ᠬᠦᠷᠭᠡᠵᠦ

ᠮᠠᠭᠠᠳᠯᠠᠨ ᠲᠣᠭᠲᠠᠭᠠᠯᠭᠠᠵᠤ᠂ ᠰᠢᠢᠳᠪᠦᠷᠢᠯᠡᠭᠦᠯᠬᠦ ᠶᠢ ᠬᠠᠷᠢᠭᠤᠴᠠᠬᠤ ᠶᠢᠨ ᠬᠠᠮᠲᠤ ᠪᠠᠶᠢᠴᠠᠭᠠᠨ ᠰᠢᠢᠳᠪᠦᠷᠢᠯᠡᠬᠦ ᠠᠵᠢᠯ ᠳᠤ ᠰᠠᠶᠢᠲᠤᠷ ᠬᠠᠮᠵᠢᠯᠴᠠᠬᠤ ᠬᠡᠷᠡᠭᠲᠡᠢ᠃

       ᠳᠥᠴᠢᠨ ᠳᠥᠷᠪᠡᠳᠦᠭᠡᠷ ᠵᠦᠢᠯ ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽︿ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠬᠢᠨᠠᠨ ᠦᠨᠡᠯᠡᠬᠦ ᠲᠤᠰᠬᠠᠢ ᠮᠡᠷᠭᠡᠵᠢᠯᠲᠡᠨ ᠤ ᠬᠥᠮᠥᠷᠭᠡ ᠪᠠ ᠬᠢᠨᠠᠨ ᠦᠨᠡᠯᠡᠬᠦ ᠲᠤᠰᠬᠠᠢ ᠮᠡᠷᠭᠡᠵᠢᠯᠲᠡᠨ ᠤ

ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ

ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2017 ︺ 75 ᠳ᠋ᠤᠭᠠᠷ ᠲᠣᠭᠠᠲᠤ︶ ᠢ

ᠬᠠᠮᠲᠤ ᠳᠤ ᠨᠢ ᠬᠦᠴᠦᠨ ᠦᠭᠡᠢ ᠪᠣᠯᠭᠠᠨ᠎ᠠ᠃

                             ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ 

                             2024 ᠤᠨ ᠤ 1 ᠳ᠋ᠦ᠋ᠭᠡᠷ ᠰᠠᠷ᠎ᠠ ᠶᠢᠨ 2 ᠤᠨ ᠡᠳᠦᠷ ᠳᠠᠷᠤᠮᠠᠯᠯᠠᠨ ᠲᠠᠷᠬᠠᠭᠠᠪᠠ

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ