ᠭᠡᠭᠡᠨ ᠭᠤᠤᠯ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠨᠠᠶᠢᠮᠳᠤᠭᠠᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/25
       5 ᠰᠠᠷ᠎ᠠ ᠶᠢᠨ 31 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠨᠠᠶᠢᠮᠳᠤᠭᠠᠷ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠰᠦᠨ ᠱᠠᠩ ᠭᠦᠸᠧ ᠬᠤᠷᠠᠯ ᠢ ᠡᠷᠭᠢᠯᠡᠪᠡ᠃       ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠨᠡᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠢᠬᠤᠯᠠ ᠶᠡᠭᠡ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠰᠤᠷᠤᠯᠴᠠᠨ ᠲᠤᠭᠤᠰᠢᠯᠠᠭᠤᠯᠬᠤ ᠵᠢᠴᠢ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠭᠤᠤᠯ ᠤᠳᠤᠷᠢᠳᠤᠯᠭ᠎ᠠ ᠶᠢᠨ ᠮᠠᠨ ᠤ ᠬᠤᠲᠠ ᠶᠢᠨ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠢ ᠰᠤᠷᠤᠯᠴᠠᠭᠰᠠᠨ ᠦᠷ᠎ᠡ ᠪᠦᠲᠦᠭᠡᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠬᠡᠷᠬᠢᠨ ᠰᠤᠷᠤᠯᠴᠠᠨ ᠲᠤᠭᠤᠰᠢᠯᠠᠭᠤᠯᠬᠤ ᠵᠢᠴᠢ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠭᠤᠤᠯ ᠤᠳᠤᠷᠢᠳᠤᠯᠭ᠎ᠠ ᠶᠢᠨ ᠮᠠᠨ ᠤ ᠬᠤᠲᠠ ᠶᠢᠨ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠢ ᠬᠡᠷᠬᠢᠨ ᠰᠤᠷᠤᠯᠴᠠᠨ ᠲᠤᠭᠤᠰᠢᠯᠠᠭᠤᠯᠬᠤ ᠲᠤᠬᠠᠶ ᠲᠤᠰᠬᠠᠶ ᠰᠡᠳᠦᠪᠲᠦ ᠰᠤᠳᠤᠯᠬᠤ ᠶᠠᠷᠢᠯᠴᠠᠭ᠎ᠠ ᠥᠷᠨᠢᠭᠦᠯᠪᠡ᠃       ᠤᠯᠠᠨ ᠢᠶᠠᠷ ᠢᠶᠠᠨ᠂ ᠲᠤᠰ ᠤᠳᠠᠭ᠎ᠠ ᠶᠢᠨ ᠰᠤᠳᠤᠯᠤᠨ ᠶᠠᠷᠢᠯᠴᠠᠬᠤ ᠪᠠᠷ ᠠᠵᠠ ᠲᠣᠬᠢᠶᠠᠯ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠢᠬᠤᠯᠠ ᠶᠡᠭᠡ ᠲᠤᠬᠢᠷᠠᠭᠤᠯᠤᠯᠲᠠ ᠪᠠᠶᠢᠷᠢᠯᠠᠭᠤᠯᠤᠯᠲᠠ ᠵᠢᠴᠢ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠭᠤᠣᠯ ᠤᠳᠤᠷᠢᠳᠤᠯᠭ᠎ᠠ ᠶᠢᠨ ᠮᠠᠨ ᠤ ᠬᠤᠳᠠ ᠶᠢᠨ ᠬᠤᠯᠪᠣᠭᠳᠠᠯ ᠪᠦᠬᠦᠢ ᠠᠵᠢᠯ ᠤᠨ ᠲᠤᠬᠠᠢ ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠬᠤᠳᠠ ᠶᠢᠨ ᠪᠠᠶᠢᠳᠠᠯ ᠲᠠᠢ ᠨᠢᠭᠲᠠ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠠᠮᠤᠷ ᠲᠦᠪᠰᠢᠨ ᠪᠣᠯᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠦᠵᠡᠯ ᠰᠠᠨᠠᠭ᠎ᠠ ᠤᠨᠤᠯ ᠤᠨ ᠲᠦᠪᠰᠢᠨ ᠤ ᠳᠡᠭᠡᠭᠰᠢᠯᠡᠯᠲᠡ ᠪᠠᠷ ᠤᠯᠤᠰ ᠲᠦᠷᠦ ᠶᠢᠨ ᠴᠢᠳᠠᠪᠤᠷᠢ᠂ ᠠᠵᠢᠯ ᠬᠢᠵᠦ ᠦᠢᠯᠡᠰ ᠪᠤᠰᠬᠠᠬᠤ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠵᠤ ᠂ ᠪᠦᠯᠬᠦᠮᠳᠡᠯ ᠤᠨ ᠤᠬᠠᠮᠰᠠᠷ᠂ ᠠᠵᠢᠯ ᠬᠢᠵᠦ ᠦᠢᠯᠡᠰ ᠪᠤᠰᠬᠠᠬᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠨᠡᠩ ᠥᠷᠭᠡᠨ ᠬᠠᠷᠠᠭᠠᠰᠤ᠂ ᠨᠡᠩ ᠭᠦᠨᠵᠡᠭᠡᠢ ᠪᠣᠳᠣᠯᠬᠢᠯᠠᠯ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠮᠠᠨ ᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ ᠭᠡᠵᠦ ᠢᠯᠡᠳᠬᠡᠵᠡᠭᠡᠪᠡ᠃ ᠬᠤᠷᠠᠯ ᠠᠴᠠ ᠪᠠᠰᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠤᠨ ᠭᠤᠸᠠᠩᠳᠦ᠋ᠩ ᠤᠨ ᠮᠧᠢ ᠵᠧᠦ ᠬᠤᠲᠠ ᠶᠢᠨ ᠮᠧᠢ ᠳ᠋ᠡ ᠲᠦᠷᠭᠡᠨ ᠵᠠᠰᠠᠮᠠᠯ ᠵᠠᠮ ᠤᠨ ᠴᠠ ᠶᠠᠩ ᠵᠠᠮ ᠤᠨ ᠬᠡᠰᠡᠭ ᠤᠨ ᠨᠤᠷᠠᠵᠤ ᠶᠡᠭᠦᠷᠡᠭᠰᠡᠨ ᠭᠠᠵᠠᠷ ᠤᠨ ᠭᠠᠮᠰᠢᠭ ᠲᠤ ᠦᠭᠭᠦᠭᠰᠡᠨ ᠴᠢᠬᠤᠯᠠ ᠵᠢᠭᠠᠪᠤᠷᠢ᠂ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠵᠡᠷᠭᠡ 17 ᠵᠦᠢᠯ ᠤᠨ ᠪᠢᠴᠢᠭ ᠤᠨ ᠰᠤᠷᠤᠯᠴᠠᠬᠤ ᠠᠭᠤᠯᠭ᠎ᠠ ᠶᠢ ᠲᠤᠬᠢᠷᠠᠭᠤᠯᠵᠠᠢ᠃
ᠢᠷᠡᠯᠲᠡ᠄ ᠭᠡᠭᠡᠨ ᠭᠤᠣᠯ ᠬᠤᠲᠠ ᠶᠢᠨ ᠠᠷᠠᠳ ᠤᠨ ᠵᠠᠰᠠᠭ ᠤᠨ ᠣᠷᠳᠤᠨ