ᠭᠡᠭᠡᠨ ᠭᠤᠤᠯ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠣᠯᠠᠨ ᠨᠢᠭᠡᠴᠢ ᠲᠠᠢ ᠬᠠᠮᠲᠤᠷᠠᠨ ᠠᠶᠤᠯᠭᠦᠶ ᠦᠢᠯᠡᠳᠪᠦᠷᠢᠯᠡᠯ ᠤᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/6/25
       ᠣᠶᠢᠷ᠎ᠠ ᠳᠤ᠂ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠪᠥᠬᠦ ᠬᠤᠲᠠ ᠶᠢᠨ 30 ᠭᠠᠷᠤᠶ ᠨᠢᠭᠡᠴᠢ ᠲᠠᠢ ᠬᠠᠮᠲᠤᠷᠠᠨ ᠱᠢ ᠵᠢᠢ ᠠᠭᠤᠳᠠᠮ ᠲᠠᠯᠠᠪᠠᠶ ᠳᠤ ᠠᠶᠤᠯᠭᠦᠶ ᠦᠢᠯᠡᠳᠪᠦᠷᠢᠯᠡᠯ ᠤᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠭᠤᠯᠪᠠ᠃       ᠡᠬᠢᠯᠡᠯᠲᠡ ᠶᠢᠨ ᠶᠣᠰᠣᠯᠠᠯ ᠳᠡᠭᠡᠷ᠎ᠡ᠂ ᠡᠯ᠎ᠡ ᠨᠢᠭᠡᠴᠢ ᠶᠢᠨ ᠬᠢᠨ ᠠᠰᠠᠭᠤᠨ ᠯᠠᠪᠯᠠᠬᠤ ᠲᠠᠪᠴᠠᠩ ᠲᠠᠯᠪᠢᠬᠤ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠨᠠᠰᠢ ᠴᠠᠰᠢ ᠥᠩᠭᠡᠷᠡᠬᠦ ᠣᠯᠠᠨ ᠲᠦᠮᠡᠨ ᠳᠤ ᠬᠠᠮᠢᠶ᠎ᠠ ᠪᠥᠬᠦᠶ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠨ ᠥᠭᠴᠦ᠂ ᠮᠠᠨ ᠤ ᠬᠤᠲᠠ ᠶᠢᠨ ᠠᠷᠠᠳ ᠤᠨ ᠠᠮᠤᠷ ᠲᠦᠪᠰᠢᠨ ᠤ ᠤᠬᠠᠮᠰᠠᠷ ᠪᠠ ᠭᠡᠨᠡᠳᠲᠡ ᠶᠢᠨ ᠬᠡᠷᠡᠭ ᠢ ᠠᠷᠭᠠᠴᠠᠬᠤ ᠠᠶᠤᠯ ᠠᠴᠠ ᠵᠠᠶᠢᠯᠠᠵᠤ ᠠᠮᠢ ᠵᠢᠭᠤᠲᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃       ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠨ᠂ ᠡᠯ᠎ᠡ ᠨᠢᠭᠡᠴᠢ ᠶᠢᠨ ᠬᠢᠨ ᠬᠤᠶᠢᠰᠢᠳᠠ ᠶᠢᠨ ᠠᠵᠢᠯ ᠤᠨ ᠳᠤᠮᠳᠠ ᠪᠠᠨ ᠠᠶᠤᠯᠭᠦᠶ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠠᠮᠤᠷ ᠲᠦᠪᠰᠢᠨ ᠤ ᠮᠡᠳᠡᠯᠭᠡ ᠶᠢ ᠢᠳᠡᠪᠬᠢᠲᠡᠶ ᠤᠬᠠᠭᠤᠯᠵᠤ᠂ ᠪᠥᠬᠦ ᠬᠤᠲᠠ ᠳᠤ ᠬᠥᠮᠦᠨ ᠪᠣᠯᠭᠠᠨ ᠠᠮᠤᠷ ᠲᠦᠪᠰᠢᠨ ᠢ ᠡᠷᠬᠢᠮᠯᠡᠬᠦ᠂ ᠬᠥᠮᠦᠨ ᠪᠣᠯᠭᠠᠨ ᠪᠠᠴᠢᠮ ᠪᠠᠶᠢᠳᠠᠯ ᠢ ᠠᠷᠭᠠᠴᠠᠵᠤ ᠴᠢᠳᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ ᠭᠡᠵᠦ ᠢᠯᠡᠳᠭᠡᠪᠡ᠃
ᠢᠷᠡᠯᠲᠡ᠄ ᠭᠡᠭᠡᠨ ᠭᠤᠣᠯ ᠬᠤᠲᠠ ᠶᠢᠨ ᠠᠷᠠᠳ ᠤᠨ ᠵᠠᠰᠠᠭ ᠤᠨ ᠣᠷᠳᠤᠨ