ᠭᠡᠭᠡᠨ ᠭᠤᠤᠯ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠶᠢᠰᠦᠳᠦᠭᠡᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/25
       6 ᠰᠠᠷ᠎ᠠ ᠶᠢᠨ 6 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠶᠢᠰᠦᠳᠦᠭᠡᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠰᠦᠨ ᠱᠠᠩ ᠭᠦᠸᠧ ᠬᠤᠷᠠᠯ ᠢ ᠡᠷᠭᠢᠯᠡᠪᠡ        ᠬᠤᠷᠠᠯ ᠳᠡᠭᠡᠷ᠎ᠡ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ ᠲᠣᠭᠤᠷᠢᠨ ᠳᠤ᠂ ᠲᠤᠰ ᠪᠡᠶ᠎ᠡ ᠶᠢᠨ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ ᠰᠠᠨᠠᠯ ᠢᠶᠠᠨ ᠰᠣᠯᠢᠯᠴᠠᠪᠠ᠃       ᠤᠯᠠᠨ ᠢᠶᠠᠷ ᠢᠶᠠᠨ᠂ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠦᠷᠦ ᠶᠢᠨ ᠦᠨᠳᠦᠷᠴᠡ ᠳᠤ ᠵᠣᠭᠰᠣᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠴᠢᠩᠳᠠᠯᠠᠵᠤ᠂ ᠰᠠᠬᠢᠯᠭ᠎ᠠ ᠪᠠᠲᠤ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠭᠤᠣᠯᠳᠠᠯᠭ᠎ᠠ ᠲᠠᠢ ᠠᠵᠢᠯ ᠢ ᠪᠡᠶᠡᠯᠡᠭᠦᠯᠬᠦ ᠲᠠᠢ ᠤᠶᠠᠯᠳᠤᠭᠤᠯᠵᠤ᠂ ᠮᠠᠨ ᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃       ᠬᠤᠷᠠᠯ ᠠᠴᠠ ᠪᠠᠰᠠ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ ᠲᠣᠪᠴᠢᠯᠠᠯ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠵᠡᠷᠭᠡ 8 ᠵᠦᠢᠯ ᠤᠨ ᠪᠢᠴᠢᠭ ᠤᠨ ᠰᠤᠷᠤᠯᠴᠠᠬᠤ ᠠᠭᠤᠯᠭ᠎ᠠ ᠶᠢ ᠲᠤᠬᠢᠷᠠᠭᠤᠯᠪᠠ᠃
ᠢᠷᠡᠯᠲᠡ᠄ ᠭᠡᠭᠡᠨ ᠭᠤᠣᠯ ᠬᠤᠲᠠ ᠶᠢᠨ ᠠᠷᠠᠳ ᠤᠨ ᠵᠠᠰᠠᠭ ᠤᠨ ᠣᠷᠳᠤᠨ