ᠭᠡᠭᠡᠨ ᠭᠤᠤᠯ ᠬᠤᠲᠠ ᠪᠥᠬᠦ ᠣᠷᠣᠨ ᠤ ︽ᠲᠣᠭᠠᠴᠢᠯᠠᠭᠰᠠᠨ ᠬᠠᠩᠭᠠᠨ ᠪᠣᠷᠣᠯᠠᠭᠤᠯᠬᠤ︾ ᠲᠤᠷᠰᠢᠯᠲᠠ ᠶᠢᠨ ᠬᠤᠰᠢᠭᠤ ᠰᠢᠶᠠᠨ ᠪᠣᠯᠪᠠ
ᠨᠡᠶᠢᠲᠡᠯᠡᠭᠰᠡᠨ ᠴᠠᠭ᠄
2024/6/25
       ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠠᠴᠠ ᠭᠡᠭᠡᠨ ᠭᠤᠤᠯ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢ ᠪᠥᠬᠦ ᠣᠷᠣᠨ ᠤ ︽ᠲᠣᠭᠠᠴᠢᠯᠠᠭᠰᠠᠨ ᠬᠠᠩᠭᠠᠨ ᠪᠣᠷᠣᠯᠠᠭᠤᠯᠬᠤ︾ ᠲᠤᠷᠰᠢᠯᠲᠠ ᠶᠢᠨ ᠬᠤᠰᠢᠭᠤ ᠰᠢᠶᠠᠨ ᠢᠶᠠᠷ ᠲᠣᠭᠲᠠᠭᠠᠪᠠ᠂ ᠡᠨᠡ ᠨᠢ ᠮᠠᠨ ᠤ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶᠠᠨ ᠤ ᠦᠢᠯᠡᠰ ᠤᠨ ᠰᠢᠨ᠎ᠡ ᠲᠣᠭᠠᠴᠢᠯᠠᠭᠰᠠᠨ ᠬᠥᠭᠵᠢᠯᠲᠡ ᠶᠢᠨ ᠱᠠᠲᠤᠨ ᠳᠤ ᠤᠷᠤᠭᠰᠠᠨ ᠢ ᠬᠠᠷᠠᠭᠤᠯᠵᠤ᠂ ᠬᠠᠩᠭᠠᠨ ᠪᠣᠷᠣᠯᠠᠭᠤᠯᠬᠤ ᠬᠤᠷᠰᠢᠶᠠᠨ ᠤ ᠠᠵᠢᠯ ᠲᠥᠷᠥᠯ ᠤᠨ ᠵᠢᠯᠤᠭᠤᠳᠤᠮᠵᠢ ᠪᠠ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠬᠦ᠂ ᠬᠤᠷᠰᠢᠶᠠᠨ ᠤ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠰᠢᠭᠤᠶᠢᠲᠤ ᠣᠷᠣᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠠᠰᠢᠭᠲᠠᠶ ᠪᠠᠶᠢᠵᠤ᠂ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃       ᠭᠡᠭᠡᠨ ᠭᠤᠣᠯ ᠬᠤᠳᠠ ᠶᠢᠨ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ  ᠶᠢ ᠬᠠᠪᠰᠤᠷᠬᠤ ᠶᠢᠨ ᠲᠥᠯᠥᠭᠡ᠂ ᠭᠡᠭᠡᠨ ᠭᠤᠣᠯ ᠬᠤᠳᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠢᠨ ᠲᠦᠷᠦᠯ ᠲᠡᠮᠳᠡᠭ ᠢ ᠨᠡᠪᠴᠢᠭᠦᠯᠬᠦ᠂ ᠰᠢᠨ᠎ᠡ ᠵᠠᠭᠤᠴᠢᠯᠠᠭᠤᠷ᠂ ᠰᠢᠭᠤᠳ ᠨᠡᠪᠲᠡᠷᠡᠭᠦᠯᠭᠡ ᠵᠡᠷᠭᠡ ᠲᠠᠪᠴᠠᠩ ᠢ ᠭᠤᠣᠯᠳᠠᠯᠭ᠎ᠠ ᠲᠠᠢ ᠪᠠᠶᠢᠭᠤᠯᠵᠤ᠂ ᠰᠦᠯᠵᠢᠶᠡᠨ  ᠳᠤᠤᠷ᠎ᠠ ᠪᠠ ᠰᠦᠯᠵᠢᠶᠡᠨ ᠳᠡᠭᠡᠷ᠎ᠡ ᠡᠵᠡᠩᠨᠡᠨ ᠪᠣᠷᠣᠯᠠᠭᠤᠯᠬᠤ ᠶᠢ ᠬᠤᠣᠰ ᠴᠢᠭᠯᠡᠯ ᠢᠶᠠᠷ ᠬᠦᠴᠦᠯᠡᠵᠦ᠂ ᠪᠦᠬᠦ ᠬᠡᠯᠬᠢᠶ᠎ᠡ ᠪᠠᠷ ᠲᠣᠭᠠᠴᠢᠯᠠᠭᠰᠠᠨ ᠡᠵᠡᠩᠨᠡᠨ ᠪᠣᠷᠣᠯᠠᠭᠤᠯᠬᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠭᠡᠭᠡᠨ ᠭᠤᠣᠯ ᠬᠤᠳᠠ ᠶᠢᠨ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠪᠣᠷᠣᠯᠠᠭᠤᠯᠬᠤ ᠳᠤ ᠲᠦᠷᠦᠯ ᠲᠡᠮᠳᠡᠭ ᠤᠨ ᠦᠯᠢᠭᠡᠷ ᠢ ᠰᠠᠶᠢᠲᠤᠷ ᠶᠠᠷᠢᠵᠤ᠂ ᠲᠣᠭᠠᠴᠢᠯᠠᠭᠰᠠᠨ ᠵᠠᠮᠴᠢᠯᠠᠯᠲᠠ ᠶᠢ ᠰᠠᠶᠢᠲᠤᠷ ᠬᠢᠵᠡᠢ᠃ ︽ᠬᠦᠢᠲᠡᠨ ᠲᠦᠢᠯ ᠤᠨ ᠲᠣᠭᠠᠴᠢᠯᠠᠭᠰᠠᠨ ᠬᠠᠩᠭᠠᠨ ᠪᠣᠷᠣᠯᠠᠭᠤᠯᠬᠤ︾ ᠦᠢᠯᠡᠴᠢᠯᠡᠭᠡᠨ ᠤ ᠲᠠᠪᠴᠠᠩ ᠢ ᠰᠦᠪᠡᠭᠴᠢᠯᠡᠨ ᠪᠠᠶᠢᠭᠤᠯᠵᠤ᠂ ᠪᠥᠬᠦ ᠬᠤᠲᠠ ᠶᠢᠨ ᠰᠢᠰᠲ᠋ᠧᠮ ᠤᠨ ᠬᠢᠨ ᠪᠠᠰᠠ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠭᠤᠤᠯ ᠴᠣᠭᠴᠠ᠂ ᠣᠯᠭᠤᠶᠠ ᠰᠢᠶᠠᠩ ᠤᠨ ᠲᠠᠷᠢᠶᠠᠯᠠᠩ ᠤᠨ ᠪᠦᠲᠦᠭᠡᠭᠳᠡᠬᠦᠨ ᠤ ᠰᠦᠯᠵᠢᠶᠡᠨ ᠳᠤᠤᠷᠠᠬᠢ ᠳᠡᠯᠭᠡᠭᠦᠷ ᠵᠡᠷᠭᠡ ᠡᠯᠧᠺᠲᠷᠣᠨ ᠬᠤᠳᠠᠯᠳᠤᠭᠠᠨ ᠤ ︽ᠠᠷᠤ ᠬᠦᠷᠢᠶᠡᠨ ᠤ ᠵᠢᠭᠰᠠᠭᠠᠯ ᠤᠨ ᠭᠠᠵᠠᠷ︾ ᠢ ᠵᠡᠷᠭᠡ ᠪᠠᠷ ᠪᠠᠬᠢᠵᠢᠭᠦᠯᠦᠨ ᠬᠥᠭᠵᠢᠭᠦᠯᠵᠦ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ᠂ ᠸᠢᠴᠠᠲ ᠤᠨ ᠵᠢᠵᠢᠭ ᠫᠷᠤᠭ᠍ᠷᠠᠮ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠵᠠᠭᠪᠤᠷ ᠢ ᠲᠠᠰᠤᠷᠠᠯᠲᠠ ᠥᠬᠡᠶ ᠪᠠᠶᠠᠯᠢᠭᠵᠢᠭᠤᠯᠪᠠ᠃       ᠮᠠᠨ ᠤ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠲᠤᠭᠠᠴᠢᠯᠠᠭᠰᠠᠨ ᠬᠦᠭᠵᠢᠯᠲᠡ ᠶᠢᠨ ᠠᠬᠢᠴᠠ ᠨᠢᠭᠡᠨᠲᠡ ᠠᠭᠠᠵᠢᠮ ᠢᠶᠠᠷ ᠡᠬᠢᠯᠡᠪᠡ᠃ ᠵᠦᠢᠯ ᠵᠦᠢᠯ ᠤᠨ ᠰᠢᠨ᠎ᠡ ᠥᠷᠢᠰᠥᠯᠳᠦᠭᠡᠨ ᠪᠣᠯᠤᠨ ᠬᠥᠭᠵᠢᠯᠲᠡ ᠶᠢᠨ ᠠᠵᠠ ᠲᠣᠬᠢᠶᠠᠯ ᠳᠤ ᠲᠤᠯᠭᠠᠷᠠᠵᠤ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠬᠥᠳᠡᠭᠡ ᠠᠵᠤ ᠠᠬᠤᠢ ᠳᠤ ᠦᠢᠯᠡᠴᠢᠯᠡᠬᠦ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠬᠦᠴᠦᠨ ᠢᠶᠠᠷ ᠢᠶᠠᠨ ᠶᠡᠭᠡ ᠲᠠᠯ᠎ᠠ ᠳᠤ ᠦᠢᠯᠡᠴᠢᠯᠡᠬᠦ᠂ ᠪᠦᠬᠦ ᠬᠦᠴᠦᠨ ᠢᠶᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠲᠤᠰ ᠪᠡᠶ᠎ᠡ ᠶᠢᠨ ᠰᠢᠨ᠎ᠡ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠪᠦᠬᠦ ᠬᠦᠴᠦᠨ ᠢᠶᠠᠷ ᠢᠶᠠᠨ ᠬᠥᠭᠵᠢᠭᠡᠵᠦ᠂ ᠤᠯᠠᠨ ᠡᠰᠢᠵᠢᠭᠰᠡᠨ ᠬᠥᠭᠵᠢᠯᠲᠡ ᠶᠢᠨ ᠠᠷᠭ᠎ᠠ ᠵᠠᠮ ᠢ ᠪᠦᠬᠦ ᠬᠦᠴᠦᠨ ᠢᠶᠠᠷ ᠢᠶᠠᠨ ᠰᠦᠪᠡᠭᠴᠢᠯᠡᠵᠦ᠂ ︽ᠲᠠᠷᠢᠶᠠᠴᠢᠳ ᠲᠤ ᠠᠰᠢᠭ ᠬᠦᠷᠲᠡᠭᠡᠬᠦ᠂ ᠠᠷᠠᠳ ᠲᠤ ᠠᠰᠢᠭ ᠬᠦᠷᠲᠡᠭᠡᠬᠦ︾ ︽ᠬᠠᠮᠤᠭ ᠡᠴᠦᠰ ᠤᠨ ᠨᠢᠭᠡ ᠺᠢᠯᠣᠮᠧᠲᠷ︾ ᠢ ᠦᠨᠡᠨᠬᠦ ᠨᠡᠪᠲᠡᠷᠡᠭᠦᠯᠦᠨ᠎ᠡ᠃
ᠢᠷᠡᠯᠲᠡ᠄ ᠭᠡᠭᠡᠨ ᠭᠤᠣᠯ ᠬᠤᠲᠠ ᠶᠢᠨ ᠠᠷᠠᠳ ᠤᠨ ᠵᠠᠰᠠᠭ ᠤᠨ ᠣᠷᠳᠤᠨ