ᠳᠤᠮᠳᠠᠳᠤ ᠤᠯᠤᠰ ᠤᠨ ᠡᠪ ᠬᠠᠮᠲᠤ ᠨᠠᠮ ᠤᠨ ᠶᠠᠭᠰᠢ ᠬᠤᠳᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 96 ᠳ᠋ᠤᠭᠠᠷ ᠤᠳᠠᠭᠠᠨ ᠤ ᠬᠤᠷᠠᠯ ᠵᠢᠴᠢ ᠶᠠᠭᠰᠢ ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/25
       6 ᠰᠠᠷ᠎ᠠ ᠶᠢᠨ 5 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠶᠠᠭᠰᠢ ᠬᠤᠳᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 96 ᠳ᠋ᠤᠭᠠᠷ ᠤᠳᠠᠭᠠᠨ ᠤ ᠬᠤᠷᠠᠯ ᠵᠢᠴᠢ ᠶᠠᠭᠰᠢ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠤᠸᠠᠨ ᠶᠦᠩ ᠭᠠᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ 
20240625-10-1.jpg
       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠢᠬᠤᠯᠠ ᠵᠣᠬᠢᠶᠠᠯ ᠵᠢᠴᠢ ᠲᠥᠪ ᠤᠨ ᠬᠠᠮᠢᠶ᠎ᠠ ᠪᠦᠬᠦᠢ ᠬᠤᠷᠠᠯ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠬᠤᠷᠠᠯ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠱᠠᠨᠳᠦ᠋ᠩ ᠳᠤ ᠰᠢᠨᠵᠢᠯᠡᠨ ᠪᠠᠶᠢᠴᠠᠭᠠᠬᠤ᠂ ᠠᠵᠤ ᠠᠬᠤᠶᠢᠯᠠᠯ ᠪᠣᠯᠤᠨ ᠲᠤᠰᠬᠠᠢ ᠮᠡᠷᠭᠡᠵᠢᠯᠲᠡᠨ ᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ᠂ ᠵᠢᠭᠤᠯᠴᠢᠯᠠᠯ ᠤᠨ ᠠᠵᠢᠯ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠶᠠᠭᠰᠢ ᠬᠤᠲᠠ ᠶᠢᠨ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠦᠨᠡᠨᠬᠦ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠬᠥᠳᠡᠭᠡ ᠲᠣᠰᠬᠤᠨ ᠤ ᠵᠠᠮ ᠤᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠠᠵᠢᠯ ᠣᠯᠭᠤᠯᠲᠠ ᠶᠢ ᠠᠷᠠᠳ ᠤᠨ ᠠᠮᠢᠳᠤᠷᠠᠯ ᠤᠨ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ᠂ ᠨᠠᠮ ᠤᠨ ᠮᠥᠩᠭᠦᠨ ᠭᠦᠢᠯᠭᠡᠭᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠰᠠᠶᠢᠨ ᠰᠠᠶᠢᠬᠠᠨ ᠮᠥᠩᠭᠦᠨ ᠭᠦᠢᠯᠭᠡᠭᠡᠨ ᠤ ᠠᠮᠢ ᠠᠬᠤᠢ ᠶᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠠᠶᠢᠪᠤᠰᠢᠷᠠᠬᠤ ᠪᠤᠳᠤᠯ ᠪᠣᠯᠤᠨ ᠭᠤᠷᠢᠳᠠᠬᠤ ᠪᠤᠳᠤᠯ ᠢ ᠡᠷᠡᠰ ᠬᠤᠷᠢᠭᠯᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠦᠬᠦ ᠲᠠᠯ᠎ᠠ ᠪᠠᠷ᠂ ᠰᠢᠰᠲ᠋ᠧᠮ ᠲᠠᠢ᠂ ᠭᠦᠨᠵᠡᠭᠡᠢ ᠥᠷᠨᠢᠭᠦᠯᠵᠦ᠂ ᠲᠠᠪᠤᠨ ᠶᠡᠭᠡ ᠡᠭᠦᠷᠭᠡ ᠶᠢᠨ ᠠᠬᠢᠭᠤᠯᠤᠯᠳᠠ ᠶᠢ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠲᠠᠢ ᠤᠶᠠᠯᠳᠤᠭᠤᠯᠵᠤ᠂ ᠪᠦᠬᠦ ᠵᠢᠯ ᠤᠨ ᠡᠯ᠎ᠡ ᠵᠦᠢᠯ ᠤᠨ ᠭᠤᠤᠯᠳᠠᠯᠭᠠᠳᠤ ᠠᠵᠢᠯ ᠲᠠᠢ ᠤᠶᠠᠯᠳᠤᠭᠤᠯᠤᠨ᠂ ᠬᠠᠷᠠᠯᠲᠠ ᠪᠠᠨ ᠲᠣᠭᠲᠠᠭᠠᠵᠤ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠯ᠎ᠡ ᠵᠦᠢᠯ ᠤᠨ ᠳᠠᠷᠤᠭᠠᠰᠤ ᠶᠢ ᠬᠥᠩᠭᠡᠷᠡᠭᠦᠯᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠤ ᠱᠠᠭᠠᠷᠳᠠᠪᠠ᠃       ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃
ᠢᠷᠡᠯᠲᠡ᠄ ᠶᠠᠭᠰᠢ ᠬᠤᠲᠠ ᠶᠢᠨ ᠠᠷᠠᠳ ᠤᠨ ᠵᠠᠰᠠᠭ ᠤᠨ ᠣᠷᠳᠤᠨ