ᠤᠤ ᠬᠤᠶ ᠷᠠᠨ ᠴᠡᠷᠢᠭ ᠠᠷᠠᠳ ᠤᠨ ᠶᠡᠭᠡ ᠬᠥᠭᠦᠷᠭᠡ᠂ ᠢᠮᠢᠨ ᠵᠠᠰᠠᠮᠠᠯ ᠵᠠᠮ ᠤᠨ ᠶᠡᠭᠡ ᠬᠥᠭᠦᠷᠭᠡ ᠶᠢᠨ ᠥᠭᠡᠷᠡᠴᠢᠯᠡᠯᠲᠡ ᠶᠢᠨ ᠢᠨᠵᠧᠨᠧᠷᠢᠩ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/6/25
       6 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠤᠤ ᠬᠤᠶ ᠷᠠᠨ᠂ ᠳᠡᠳ᠋ ᠬᠤᠰᠢᠭᠤᠨ ᠳᠠᠷᠤᠭ᠎ᠠ ᠵᠦᠸᠧ ᠷᠧᠨ ᠨᠠᠷ ᠴᠡᠷᠢᠭ ᠠᠷᠠᠳ ᠤᠨ ᠶᠡᠭᠡ ᠬᠥᠭᠦᠷᠭᠡ᠂ ᠢᠮᠢᠨ ᠵᠠᠰᠠᠮᠠᠯ ᠵᠠᠮ ᠤᠨ ᠶᠡᠭᠡ ᠬᠥᠭᠦᠷᠭᠡ ᠶᠢ ᠥᠭᠡᠷᠡᠴᠢᠯᠡᠨ ᠵᠠᠰᠠᠬᠤ ᠢᠨᠵᠧᠨᠧᠷᠢᠩ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃ 
20240625-11-1.jpg
       ᠥᠭᠡᠷᠡᠴᠢᠯᠡᠨ ᠪᠠᠶᠢᠭᠤᠯᠬᠤ ᠠᠵᠢᠯ ᠤᠨ ᠲᠤᠬᠠᠢ ᠶᠢᠨ ᠲᠠᠯᠠᠪᠠᠢ ᠳᠤ᠂ ᠤᠤ ᠬᠤᠢ ᠷᠠᠨ ᠨᠠᠷ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠠᠮᠤᠷ ᠲᠦᠪᠰᠢᠨ ᠤ ᠬᠠᠮᠢᠶᠠᠷᠤᠯᠲᠠ ᠵᠢᠴᠢ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠴᠢᠬᠤᠯᠠᠴᠢᠯᠠᠭᠰᠠᠨ ᠨᠢ᠂ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠠᠳᠬᠤᠵᠣ᠂ ᠪᠠᠷᠢᠯᠭ᠎ᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠪᠠᠷᠢᠯᠭ᠎ᠠ ᠶᠢᠨ ᠪᠥᠬᠦ ᠶᠠᠪᠤᠴᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠣᠨᠴᠠᠯᠠᠨ᠂ ᠮᠠᠲ᠋ᠧᠷᠢᠶᠠᠯ ᠣᠷᠣᠭᠤᠯᠬᠤ᠂ ᠪᠠᠷᠢᠯᠭ᠎ᠠ ᠶᠢᠨ ᠤᠷᠠᠯᠠᠯ᠂ ᠪᠠᠷᠢᠯᠭ᠎ᠠ ᠶᠢᠨ ᠠᠮᠤᠷ ᠲᠦᠪᠰᠢᠨ ᠵᠡᠷᠭᠡ ᠵᠠᠩᠭᠢᠯᠠᠭ᠎ᠠ ᠶᠢ ᠰᠠᠶᠢᠲᠤᠷ ᠠᠳᠬᠤᠬᠤ ᠬᠡᠷᠡᠭᠲᠡᠢ᠃ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ︽ᠠᠶᠤᠯᠭᠦᠢ ᠦᠢᠯᠡᠳᠪᠦᠷᠢᠯᠡᠯ ᠢ ᠠᠯᠢᠪᠠ ᠠᠴᠠ ᠡᠷᠬᠢᠮᠯᠡᠬᠦ᠂ ᠠᠯᠢᠪᠠ ᠠᠴᠠ ᠤᠷᠢᠳᠴᠢᠯᠠᠬᠤ᠂ ᠠᠯᠢᠪᠠ ᠠᠴᠠ ᠴᠢᠬᠤᠯᠠᠴᠢᠯᠠᠬᠤ︾ ᠦᠵᠡᠯ ᠰᠠᠨᠠᠭ᠎ᠠ ᠲᠠᠨᠢᠯᠲᠠ ᠶᠢ ᠪᠠᠲᠤᠳᠬᠠᠵᠤ᠂ ᠠᠮᠤᠷ ᠲᠦᠪᠰᠢᠨ ᠤ ᠲᠠᠯ᠎ᠠ ᠶᠢᠨ ᠰᠡᠷᠭᠡᠶᠢᠯᠡᠯᠲᠡ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠷᠢᠯᠢᠭᠵᠢᠭᠤᠯᠵᠤ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠠᠮᠤᠷ ᠲᠦᠪᠰᠢᠨ ᠢ ᠪᠠᠲᠤᠯᠠᠵᠤ᠂ ᠨᠠᠰᠢ ᠴᠠᠰᠢ ᠥᠩᠭᠡᠷᠡᠬᠦ ᠲᠡᠷᠭᠡ ᠣᠨᠤᠭ᠎ᠠ ᠶᠢ ᠠᠮᠤᠷ ᠲᠦᠪᠰᠢᠨ ᠡᠮᠬᠢ ᠳᠢᠭᠯᠢᠮ ᠲᠠᠢ ᠨᠡᠪᠲᠡᠷᠡᠭᠦᠯᠬᠦ ᠬᠡᠷᠡᠭᠲᠡᠢ᠃ ᠴᠠᠭ ᠲᠣᠬᠢᠶᠠᠯ ᠢ ᠠᠮᠵᠢᠨ ᠪᠠᠷᠢᠯᠭ᠎ᠠ ᠶᠢᠨ ᠬᠤᠭᠤᠴᠠᠭ᠎ᠠ ᠶᠢ ᠪᠠᠲᠤᠯᠠᠵᠤ᠂ ᠪᠠᠷᠢᠯᠭ᠎ᠠ ᠶᠢᠨ ᠠᠵᠢᠯ ᠤᠨ ᠪᠦᠲᠦᠮᠵᠢᠲᠡᠶ ᠴᠠᠭ ᠢ ᠭᠦᠢᠴᠡᠳ ᠠᠰᠢᠭᠯᠠᠨ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠲᠣᠬᠢᠷᠠᠭᠤᠯᠵᠤ᠂ ᠪᠠᠷᠢᠯᠭ᠎ᠠ ᠶᠢᠨ ᠶᠠᠰᠤ ᠴᠢᠨᠠᠷ ᠪᠠ ᠠᠶᠤᠯᠭᠦᠢ ᠪᠠᠶᠢᠬᠤ ᠶᠢ ᠪᠠᠲᠤᠯᠠᠬᠤ ᠶᠢᠨ ᠬᠠᠮᠲᠤ ᠪᠠᠷᠢᠯᠭ᠎ᠠ ᠶᠢᠨ ᠠᠵᠢᠯ ᠤᠨ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠲᠣᠭᠲᠠᠭᠰᠠᠨ ᠬᠤᠭᠤᠴᠠᠭᠠᠨ ᠳᠤ ᠪᠠᠷᠢᠯᠭ᠎ᠠ ᠶᠢᠨ ᠠᠵᠢᠯ ᠢᠶᠠᠨ ᠳᠠᠭᠤᠰᠬᠠᠬᠤ ᠶᠢ ᠪᠠᠲᠤᠯᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ  ᠶᠢᠨ ᠪᠠᠶᠠᠷ ᠲᠤ ᠪᠡᠯᠡᠭ ᠪᠣᠯᠭᠠᠨ ᠳᠡᠪᠰᠢᠭᠦᠯᠬᠦ ᠬᠡᠷᠡᠭᠲᠡᠢ ᠭᠡᠪᠡ᠃       ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
20240625-11-2.jpg
ᠢᠷᠡᠯᠲᠡ᠄ ᠡᠸᠡᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ