︽ᠰᠧᠪᠵᠢᠨ ᠨᠠᠶᠢᠷ︾ ᠢ ᠬᠠᠮᠲᠤᠪᠠᠷ ᠪᠡᠯᠭᠡᠯᠡᠵᠦ᠂ ᠦᠨᠳᠦᠰᠦᠲᠡᠨ ᠤ ᠪᠦᠯᠬᠦᠮᠳᠡᠯ ᠤᠨ ᠰᠢᠨ᠎ᠡ ᠬᠠᠭᠤᠳᠠᠰᠤ ᠶᠢ ᠴᠣᠭᠴᠠᠯᠠᠶ᠎ᠠ
ᠨᠡᠶᠢᠲᠡᠯᠡᠭᠰᠡᠨ ᠴᠠᠭ᠄
2024/6/25
       6 ᠰᠠᠷ᠎ᠠ ᠶᠢᠨ 18 ᠤ ᠡᠳᠦᠷ ᠪᠣᠯ ᠡᠸᠡᠩᠬᠢ ᠦᠨᠳᠦᠰᠦᠲᠡᠨ ᠤ ᠤᠯᠠᠮᠵᠢᠯᠠᠯᠲᠤ ᠰᠧᠪᠵᠢᠨ ᠨᠠᠶᠢᠷ ᠤᠨ ᠡᠳᠦᠷ ᠪᠣᠯᠣᠨ᠎ᠠ᠃ ︽ᠪᠠᠶᠠᠷ ᠪᠠᠶᠠᠰᠬᠤᠯᠠᠩ ᠥᠯᠵᠡᠢ ᠪᠡᠯᠭᠡ︾ ᠶᠢ ᠪᠡᠯᠭᠡᠳᠡᠭᠰᠡᠨ ᠡᠨᠡ ᠡᠳᠦᠷ ᠲᠤ᠂ 2024 ᠣᠨ ᠤ 31 ᠳ᠋ᠣᠭᠡᠷ ᠬᠤᠭᠤᠴᠠᠭᠠᠨ ᠤ ᠡᠸᠡᠩᠬᠢ ᠦᠨᠳᠦᠰᠦᠲᠡᠨ ᠤ ᠪᠣᠳᠠᠰ ᠤᠨ ᠪᠤᠰᠤ ᠰᠣᠶᠣᠯ ᠤᠨ ᠥᠪ ᠢ ᠪᠡᠯᠭᠡᠯᠡᠬᠦ ︱︽ᠰᠧᠪᠵᠢᠨ ᠨᠠᠶᠢᠷ︾  ᠤᠨ ᠰᠢᠷᠢᠰ ᠠᠵᠢᠯᠯᠠᠭ᠎ᠠ ᠡᠸᠡᠩᠬᠢ ᠵᠣᠴᠢᠳ ᠤᠨ ᠪᠠᠭᠤᠳᠠᠯ ᠳᠤ ᠡᠬᠢᠯᠡᠵᠦ᠂ ᠯᠦ ᠴᠤᠸᠠᠨ ᠱᠧᠨ ᠵᠡᠷᠭᠡ ᠬᠤᠰᠢᠭᠤᠨ ᠤ ᠤᠳᠤᠷᠢᠳᠤᠯᠭ᠎ᠠ ᠡᠸᠡᠩᠬᠢ ᠦᠨᠳᠦᠰᠦᠲᠡᠨ ᠤ ᠰᠤᠳᠤᠯᠭᠠᠨ ᠤ ᠨᠡᠶᠢᠭᠡᠮᠯᠢᠭ ᠤᠨ ᠭᠡᠰᠢᠭᠦᠳ ᠵᠢᠴᠢ ᠨᠡᠶᠢᠭᠡᠮ ᠤᠨ ᠡᠯ᠎ᠡ ᠡᠲᠡᠭᠡᠳ ᠴᠤᠭᠯᠠᠷᠠᠵᠤ᠂ ᠪᠠᠶᠠᠷ ᠨᠠᠶᠢᠷ ᠢ ᠬᠠᠮᠲᠤᠪᠠᠷ ᠪᠡᠯᠭᠡᠯᠡᠪᠡ᠃ 
20240625-12-1.jpg
       ᠡᠯ᠎ᠡ ᠭᠠᠵᠠᠷ ᠠᠴᠠ ᠢᠷᠡᠭᠰᠡᠨ ᠡᠸᠡᠩᠬᠢ ᠦᠨᠳᠦᠰᠦᠲᠡᠨ ᠤ ᠠᠬ᠎ᠠ ᠳᠡᠭᠦᠦ ᠨᠠᠷ ᠶᠣᠰᠣᠯᠠᠯ ᠤᠨ ᠬᠤᠪᠴᠠᠰᠤ ᠪᠠᠨ ᠡᠮᠦᠰᠴᠦ᠂ ᠨᠢᠭᠤᠷ ᠳᠦᠭᠦᠷᠡᠩ ᠵᠢᠷᠭᠠᠯᠲᠤ ᠢᠨᠢᠶᠡᠮᠰᠦᠭᠯᠡᠯ ᠪᠢᠯᠬᠠᠭᠤᠯᠤᠨ ᠪᠠᠶᠠᠷ ᠤᠨ ᠡᠳᠦᠷ ᠢ ᠬᠠᠮᠲᠤ ᠪᠠᠷ ᠪᠡᠯᠭᠡᠯᠡᠪᠡ᠃ ᠨᠠᠶᠢᠷ ᠲᠤ ᠭᠤᠶᠢᠳᠠ ᠰᠠᠶᠢᠬᠠᠨ ᠳᠠᠭᠤᠤ ᠪᠥᠵᠢᠭ ᠤᠨ ᠲᠣᠭᠯᠠᠯᠲᠠ ᠵᠠᠯᠭᠠᠭ᠎ᠠ ᠪᠠᠷ ᠲᠣᠭᠯᠠᠨ᠂ ᠡᠸᠡᠩᠬᠢ ᠦᠨᠳᠦᠰᠦᠲᠡᠨ ᠤ ᠰᠣᠶᠣᠯ ᠤᠨ ᠥᠪᠡᠷᠮᠢᠴᠡ ᠷᠢᠳᠢ ᠰᠢᠳᠢ ᠶᠢ ᠬᠠᠷᠠᠭᠤᠯᠵᠤ᠂ ᠲᠤᠬᠠᠢ ᠶᠢᠨ ᠲᠠᠯᠠᠪᠠᠢ ᠳᠤ ᠦᠨᠳᠦᠰᠦᠲᠡᠨ ᠤ ᠰᠣᠶᠣᠯ ᠤᠨ ᠭᠦᠨ ᠵᠤᠵᠠᠭᠠᠨ ᠠᠭᠤᠷ ᠠᠮᠢᠰᠬᠤᠯ ᠪᠢᠯᠬᠠᠪᠠ᠃       ᠬᠤᠢ ᠰᠤᠮᠤᠨ ᠤ ᠤᠯᠠᠭᠠᠨᠪᠤᠯᠠᠭ ᠭᠠᠴᠠᠭ᠎ᠠ ᠶᠢᠨ ᠣᠴᠢ᠄ ︽ᠰᠧᠪᠵᠢᠨ ᠨᠠᠶᠢᠷ ᠪᠣᠯ ᠡᠸᠡᠩᠬᠢ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠮᠥᠨ ᠪᠦᠭᠡᠳ ᠤᠯᠠᠮᠵᠢᠯᠠᠯᠲᠤ ᠰᠣᠶᠣᠯ ᠤᠨ ᠴᠢᠬᠤᠯᠠ ᠢᠯᠡᠷᠡᠯ ᠮᠥᠨ᠂ ᠠᠬ᠎ᠠ ᠳᠡᠭᠦᠦ ᠣᠯᠠᠨ ᠬᠦᠮᠦᠰ ᠨᠢᠭᠡ ᠳᠣᠣᠷ᠎ᠠ ᠴᠤᠭᠯᠠᠷᠠᠨ᠂ ᠦᠨᠳᠦᠰᠦᠲᠡᠨ ᠤ ᠰᠣᠶᠣᠯ ᠢᠶᠠᠨ ᠬᠠᠮᠲᠤ ᠪᠠᠷ ᠵᠠᠯᠭᠠᠮᠵᠢᠯᠠᠵᠤ᠂ ᠡᠬᠡ ᠤᠯᠤᠰ ᠤᠨ ᠢᠶᠠᠨ ᠬᠦᠴᠦᠷᠬᠡᠭ ᠶᠡᠭᠡ  ᠳᠤ ᠮᠠᠰᠢ ᠣᠷᠮᠠᠰᠢᠨ ᠣᠮᠣᠭᠰᠢᠵᠤ ᠪᠠᠶᠢᠨ᠎ᠠ︾ ᠭᠡᠵᠡᠢ᠃        ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠡᠸᠡᠩᠬᠢ ᠦᠨᠳᠦᠰᠦᠲᠡᠨ ᠤ ᠰᠤᠳᠤᠯᠭᠠᠨ ᠤ ᠨᠡᠶᠢᠭᠡᠮᠯᠢᠭ ᠤᠨ ᠳᠠᠷᠤᠭ᠎ᠠ ᠠᠯᠲᠠᠨᠪᠠᠲᠤ᠄ ︽ᠪᠢᠳᠡ ᠰᠧᠪᠵᠢᠨ ᠨᠠᠶᠢᠷ ᠢ ᠪᠡᠯᠭᠡᠯᠡᠬᠦ ᠠᠵᠢᠯᠯᠠᠭ᠎ᠠ ᠪᠠᠷ ᠳᠠᠮᠵᠢᠭᠤᠯᠤᠨ ᠡᠸᠡᠩᠬᠢ ᠦᠨᠳᠦᠰᠦᠲᠡᠨ ᠤ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠤᠨ ᠵᠠᠯᠭᠠᠮᠵᠢᠯᠠᠵᠤ᠂ ᠦᠨᠳᠦᠰᠦᠲᠡᠨ ᠤ ᠣᠮᠣᠭᠰᠢᠯ ᠪᠠ ᠨᠢᠭᠲᠠᠷᠠᠯ ᠤᠨ ᠬᠦᠴᠦᠨ ᠢ ᠴᠢᠩᠭᠠᠷᠠᠭᠤᠯᠬᠤ ᠶᠢ ᠬᠦᠰᠡᠵᠦ ᠪᠠᠶᠢᠨ᠎ᠠ᠂ ᠪᠠᠰᠠ ᠡᠶᠢᠮᠦᠷᠬᠦ ᠠᠵᠢᠯᠯᠠᠭ᠎ᠠ ᠪᠠᠷ ᠳᠠᠮᠵᠢᠭᠤᠯᠤᠨ ᠦᠨᠳᠦᠰᠦᠲᠡᠨ ᠨᠦᠭᠦᠳ ᠤᠨ ᠬᠤᠭᠤᠷᠣᠨᠳᠣᠬᠢ ᠰᠣᠯᠢᠯᠴᠠᠭ᠎ᠠ ᠪᠠ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠴᠡᠴᠡᠭᠯᠡᠯ ᠬᠥᠭᠵᠢᠯ ᠢ ᠬᠠᠮᠲᠤ ᠪᠠᠷ ᠲᠦᠯᠬᠢᠨ ᠠᠬᠢᠭᠤᠯᠬᠤ ᠶᠢ ᠬᠦᠰᠡᠵᠦ ᠪᠠᠶᠢᠨ᠎ᠠ︾ ᠭᠡᠵᠡᠢ᠃
ᠢᠷᠡᠯᠲᠡ᠄ ᠡᠸᠡᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ