ᠢᠦᠢ ᠵᠢᠶᠠᠨ 2024 ᠣᠨ ᠤ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/25
       6 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠢᠦᠢ ᠵᠢᠶᠠᠨ 2024 ᠣᠨ ᠤ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠣᠯᠣᠨ ᠡᠯ᠎ᠡ ᠰᠤᠮᠤ ᠰᠢᠶᠠᠩ ᠪᠠᠯᠭᠠᠰᠤᠨ ᠤ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠬᠤᠷᠠᠯ ᠳᠤ ᠣᠷᠣᠯᠴᠠᠵᠠᠢ᠃ 
20240625-13-1.jpg
       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ  ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢ ᠰᠣᠷᠣᠯᠴᠠᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠰᠣᠷᠣᠯᠴᠠᠪᠠ᠂ ᠤᠯᠤᠰ ᠲᠥᠷᠥ ᠶᠢᠨ ᠰᠢᠪᠠᠳᠠᠨ ᠪᠠᠶᠢᠴᠠᠭᠠᠯᠲᠠ ᠪᠠ ᠰᠠᠬᠢᠯᠭ᠎ᠠ ᠪᠠᠲᠤ ᠰᠤᠷᠲᠠᠯ ᠤᠨ ᠰᠢᠪᠠᠳᠠᠨ ᠪᠠᠶᠢᠴᠠᠭᠠᠯᠲᠠ ᠲᠣᠭᠤᠷᠢᠨ ᠪᠠᠶᠢᠴᠠᠭᠠᠯᠲᠠ ᠶᠢᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠪᠡ᠃ 
20240625-13-2.jpg
       ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠤᠨ ᠭᠡᠰᠢᠭᠦᠨ ᠠᠵᠢᠯ ᠤᠨ ᠪᠠ ᠠᠷᠢᠭᠤᠨ ᠴᠢᠬᠡᠴᠢ ᠶᠢᠨ ᠮᠡᠳᠡᠭᠦᠯᠦᠯᠦᠭᠡ ᠬᠢᠪᠡ᠃       ᠬᠤᠷᠠᠯ ᠠᠴᠠ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ᠂ ᠦᠵᠡᠯ ᠰᠠᠨᠠᠭ᠎ᠠ᠂ ᠦᠢᠯᠡ ᠠᠵᠢᠯᠯᠠᠭ᠎ᠠ ᠪᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠪᠣᠯᠣᠨ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠢ︔ ᠭᠤᠣᠯᠳᠠᠯᠭ᠎ᠠ ᠶᠢ ᠴᠢᠩᠭ᠎ᠠ ᠠᠳᠬᠤᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠲᠣᠭᠲᠠᠭᠤᠨ ᠢ ᠡᠷᠡᠰ ᠭᠤᠶᠢᠪᠢᠰᠢ ᠦᠭᠡᠢ ᠬᠠᠮᠠᠭᠠᠯᠠᠵᠤ᠂ ᠬᠠᠷᠢᠭᠤᠴᠠᠯᠭ᠎ᠠ ᠪᠠᠨ ᠭᠦᠢᠴᠡᠳᠬᠡᠨ ᠬᠠᠷᠢᠭᠤᠴᠠᠯᠭ᠎ᠠ ᠪᠠᠨ ᠡᠭᠦᠷᠭᠡᠯᠡᠵᠦ ᠶᠡᠭᠡ ᠲᠠᠯ᠎ᠠ ᠳᠤ ᠦᠢᠯᠡᠴᠢᠯᠡᠵᠦ᠂ ᠠᠮᠤᠷ ᠠᠮᠤᠭᠤᠯᠠᠩ ᠤᠨ ᠪᠠᠶᠢᠭᠤᠯᠤᠯᠲᠠ ᠶᠢ ᠴᠥᠬᠦᠷᠡᠰᠢ ᠦᠭᠡᠢ ᠠᠬᠢᠭᠤᠯᠬᠤ ᠬᠡᠷᠡᠭᠲᠡᠢ︔ ᠨᠢᠭᠡ ᠠᠴᠠ ᠨᠦᠬᠦᠭᠡ ᠶᠢ ᠵᠦᠢᠴᠢᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠳᠠᠭᠠᠨ ᠰᠢᠳᠤᠷᠭᠤ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠡᠬᠢ ᠥᠨᠳᠦᠰᠦᠨ ᠢ ᠪᠠᠬᠢᠵᠢᠭᠦᠯᠵᠦ᠂ ᠦᠵᠡᠯ ᠰᠡᠳᠬᠢᠯ ᠪᠠᠨ ᠨᠢᠭᠲᠠᠷᠠᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠵᠤ᠂ ᠤᠯᠤᠰ ᠲᠦᠷᠦ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠨᠠᠮ ᠳᠠᠭᠠᠨ ᠦᠨᠡᠨᠴᠢ ᠪᠠᠶᠢᠬᠤ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃
ᠢᠷᠡᠯᠲᠡ᠄ ᠡᠸᠡᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ