ᠳᠤᠮᠳᠠᠳᠤ ᠤᠯᠤᠰ ᠤᠨ ᠡᠪ ᠬᠠᠮᠲᠤ ᠨᠠᠮ ᠤᠨ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 77 ᠳ᠋ᠤᠭᠠᠷ ᠬᠤᠷᠠᠯ ᠵᠢᠴᠢ ᠬᠤᠰᠢᠭᠤᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/25
       6 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠲᠠᠨ ᠬᠤᠸᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 77 ᠳ᠋ᠤᠭᠠᠷ ᠬᠤᠷᠠᠯ ᠵᠢᠴᠢ ᠬᠤᠰᠢᠭᠤᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠢᠬᠤᠯᠠ ᠶᠠᠷᠢᠶ᠎ᠠ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠤᠳᠤᠷᠢᠳᠤᠯᠭ᠎ᠠ ᠮᠧᠩ ᠳ᠋ᠠ ᠶᠢᠩ᠂ ᠤᠣ ᠰᠢᠤᠸᠠᠢ ᠵᠢᠶᠦ᠋ᠨ᠂ ᠵᠣᠣ ᠰᠢᠤ ᠵᠢᠶᠦ᠋ᠨ ᠨᠡᠷ ᠬᠤᠷᠠᠯ ᠳᠤ ᠣᠷᠣᠯᠴᠠᠵᠠᠶ᠃ 
20240625-14-1.jpg
       ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠥᠭᠡᠷᠡᠴᠢᠯᠡᠯᠲᠡ ᠶᠢᠨ ᠡᠨᠧᠷᠭᠢ ᠣᠯᠭᠤᠬᠤ ᠦᠢᠯᠡᠳᠦᠯ ᠢ ᠪᠦᠲᠦᠭᠡᠯᠴᠢ ᠴᠢᠨᠠᠷᠲᠠᠶ ᠪᠠᠷ ᠪᠠᠳᠠᠷᠠᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠤᠶᠠᠯᠳᠤᠭᠤᠯᠤᠨ ᠠᠷᠭ᠎ᠠ ᠤᠬᠠᠭᠠᠨ ᠭᠠᠷᠭᠠᠵᠤ᠂ ᠦᠨᠡᠨ ᠬᠦ ᠥᠨᠳᠥᠷ ᠲᠦᠪᠰᠢᠨ ᠪᠥᠬᠦᠶ ᠥᠭᠡᠷᠡᠴᠢᠯᠡᠯᠲᠡ ᠪᠠᠷ ᠴᠢᠨᠠᠷ ᠰᠠᠶᠢᠲᠠᠶ ᠬᠥᠭᠵᠢᠯᠲᠡ ᠶᠢ ᠳᠠᠶᠢᠴᠢᠯᠠᠬᠤ ᠬᠡᠷᠡᠭᠲᠡᠶ᠃ ᠰᠣᠶᠣᠯ ᠵᠢᠭᠤᠯᠴᠢᠯᠠᠯ ᠤᠨ ᠤᠨᠴᠠᠯᠢᠭᠳᠤ ᠲᠦᠷᠦᠯ ᠲᠡᠮᠳᠡᠭ ᠢ ᠡᠭᠦᠳᠴᠦ᠂ ︽ᠪᠤᠶᠢᠺᠤ ᠪᠥᠮᠪᠦᠭᠡ ᠶᠢᠨ ᠨᠤᠲᠤᠭ︾ ᠢ ᠭᠡᠷᠡᠯᠲᠦᠭᠦᠯᠬᠦ ᠶᠢᠨ ᠲᠣᠭᠤᠷᠢᠨ ᠳᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠪᠠᠶᠢᠷᠢᠰᠢᠭᠤᠯᠵᠤ᠂ 2024 ᠣᠨ ᠤ ᠡᠷᠡᠭᠲᠡᠢ ᠶᠢᠨ ᠪᠤᠶᠢᠺᠤ ᠪᠥᠮᠪᠦᠭᠡ ᠶᠢᠨ ᠠᠽᠢᠶ᠎ᠠ ᠲᠢᠪ ᠤᠨ ᠲᠡᠷᠢᠭᠦᠨ ᠬᠤᠨᠳᠠᠭᠠᠲᠤ ᠤᠷᠤᠯᠳᠤᠭᠠᠨ ᠤ ᠪᠡᠯᠡᠳᠬᠡᠯ ᠠᠵᠢᠯ ᠢ ᠴᠢᠨᠠᠷ ᠰᠠᠶᠢᠲᠠᠢ ᠰᠠᠶᠢᠲᠤᠷ ᠬᠢᠵᠦ᠂ ᠮᠠᠨ ᠤ ᠬᠤᠰᠢᠭᠤᠨ ᠤ ᠰᠠᠶᠢᠨ ᠰᠠᠶᠢᠬᠠᠨ ᠳᠦᠷᠰᠦ ᠪᠠᠶᠢᠳᠠᠯ ᠪᠣᠯᠣᠨ ᠰᠣᠶᠣᠯ ᠵᠢᠭᠤᠯᠴᠢᠯᠠᠯ ᠤᠨ ᠷᠢᠳᠢ ᠰᠢᠳᠢ ᠶᠢ ᠭᠦᠢᠴᠡᠳ ᠢᠯᠡᠷᠡᠭᠦᠯᠬᠦ ᠬᠡᠷᠡᠭᠲᠡᠢ᠃ ᠮᠥᠩᠭᠦᠨ ᠭᠦᠢᠯᠭᠡᠭᠡᠨ ᠤ ᠬᠦᠷᠢᠶᠡᠨ ᠤ ᠬᠢᠨᠠᠯᠲᠠ ᠬᠠᠮᠢᠶᠠᠷᠤᠯᠲᠠ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠵᠡᠷᠭᠡ ᠠᠵᠢᠯ ᠢ ᠴᠢᠩᠭᠠᠳᠬᠠᠵᠤ᠂ ᠠᠮᠤᠷ ᠲᠦᠪᠰᠢᠨ ᠲᠣᠭᠲᠠᠭᠤᠨ ᠤ ᠰᠠᠭᠤᠷᠢ ᠶᠢ ᠪᠠᠶᠢᠩᠭᠤᠵᠢᠭᠤᠯᠤᠨ ᠪᠠᠬᠢᠵᠢᠭᠦᠯᠬᠦ ᠬᠡᠷᠡᠭᠲᠡᠢ᠃       ᠬᠤᠷᠠᠯ ᠠᠴᠠ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠢ ᠰᠠᠶᠢᠲᠤᠷ ᠠᠳᠬᠤᠬᠤ ᠶᠢᠨ ᠲᠤᠯᠭᠠᠮ᠎ᠠ ᠴᠢᠨᠠᠷ ᠪᠣᠯᠣᠨ ᠴᠢᠬᠤᠯᠠ ᠴᠢᠨᠠᠷ ᠢ ᠭᠦᠢᠴᠡᠳ ᠲᠠᠨᠢᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠤᠢ ᠰᠢᠭᠤᠢ ᠨᠤᠲᠤᠭ ᠪᠡᠯᠴᠢᠭᠡᠷ ᠢ ᠰᠦᠢᠳᠭᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠬᠠᠮᠢᠶᠠᠷᠴᠤ ᠬᠠᠮᠠᠭᠠᠯᠠᠬᠤ ᠬᠠᠮᠲᠤᠷᠠᠯ ᠤᠨ ᠬᠦᠴᠦᠨ ᠢ ᠪᠠᠶᠢᠩᠭᠤᠵᠢᠭᠤᠯᠤᠨ ᠪᠦᠷᠢᠯᠳᠦᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠨᠢ ᠠᠵᠢᠯ ᠤᠨ ᠭᠤᠣᠯᠳᠠᠯᠭ᠎ᠠ ᠪᠠᠨ ᠳᠣᠷᠣᠭᠰᠢ ᠤᠷᠲᠤᠳᠬᠠᠬᠤ᠂ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾ ᠶᠢ ᠰᠠᠶᠢᠲᠤᠷ ᠬᠢᠵᠦ᠂ ︽ᠣᠳᠣᠬᠠᠨ ᠳᠤ ᠥᠭᠡᠷᠡᠴᠢᠯᠡᠬᠦ︾ ᠪᠠ ︽ᠣᠷᠳᠣ ᠬᠤᠭᠤᠴᠠᠭ᠎ᠠ ᠪᠠᠷ ᠪᠠᠶᠢᠭᠤᠯᠬᠤ︾ ᠡᠯ᠎ᠡ ᠵᠦᠶ᠋ᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃        ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠮᠣᠷᠢᠨᠳᠠᠪᠠᠭ᠎ᠠ ᠳᠠᠭᠤᠷ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ