2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ᠠᠯᠠᠭᠠᠳᠠᠬᠤ ᠪᠥᠮᠪᠦᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ︵ᠵᠢᠩᠬᠢᠨᠢ ᠠᠩᠭᠢ ᠶᠢᠨ ᠳᠤᠭᠤᠶᠢᠯᠠᠩ︶ ᠥᠨᠳᠦᠷᠯᠡᠪᠡ
ᠨᠡᠶᠢᠲᠡᠯᠡᠭᠰᠡᠨ ᠴᠠᠭ᠄
2024/6/25
       6 ᠳ᠋ᠤᠭᠠᠷ ᠰᠠᠷ᠎ᠠ ᠶᠢᠨ 10 ᠤ ᠡᠳᠦᠷ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ᠠᠯᠠᠭᠠᠳᠠᠬᠤ ᠪᠥᠮᠪᠦᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ︵ᠵᠢᠩᠬᠢᠨᠢ ᠠᠩᠭᠢ ᠶᠢᠨ ᠳᠤᠭᠤᠶᠢᠯᠠᠩ︶ ᠥᠨᠳᠥᠷᠯᠡᠵᠦ᠂ ᠤᠷᠤᠯᠳᠤᠭᠠᠨ ᠳᠤ ᠣᠷᠣᠯᠴᠠᠭᠰᠠᠨ ᠡᠯ᠎ᠡ ᠠᠩᠭᠢ 7 ᠡᠳᠦᠷ᠂ 68 ᠲᠠᠯᠠᠪᠤᠷ ᠤᠷᠤᠯᠳᠤᠭᠠᠨ ᠳᠤ ᠭᠠᠷᠮᠠᠭᠠᠢ ᠮᠥᠷᠦ᠋ᠢᠴᠡᠯᠳᠦᠪᠡ᠃        ᠡᠨᠡ ᠤᠳᠠᠭᠠᠨ ᠤ ᠤᠷᠤᠯᠳᠤᠭᠠᠨ ᠳᠤ 12 ᠵᠢᠩᠬᠢᠨᠢ ᠠᠩᠭᠢᠲᠤ ᠳᠡᠭᠡᠳᠦ ᠰᠤᠷᠭᠠᠭᠤᠯᠢ ᠣᠷᠣᠯᠴᠠᠵᠤ᠂ ᠳᠡᠰ ᠠᠴᠠ ᠳᠠᠪᠠᠭᠰᠠᠨ ᠡᠷᠡᠭᠲᠡᠢ ᠶᠢᠨ ᠳᠤᠭᠤᠶᠢᠯᠠᠩ᠂ ᠳᠡᠰ ᠠᠴᠠ ᠳᠠᠪᠠᠭᠰᠠᠨ ᠡᠮᠡᠭᠲᠡᠢ ᠶᠢᠨ ᠳᠤᠭᠤᠶᠢᠯᠠᠩ᠂ ᠰᠤᠷᠭᠠᠭᠤᠯᠢ ᠶᠢᠨ ᠬᠦᠷᠢᠶᠡᠨ ᠤ ᠡᠷᠡᠭᠲᠡᠢ ᠶᠢᠨ ᠳᠤᠭᠤᠶᠢᠯᠠᠩ᠂ ᠰᠤᠷᠭᠠᠭᠤᠯᠢ ᠶᠢᠨ ᠬᠦᠷᠢᠶᠡᠨ ᠤ ᠡᠮᠡᠭᠲᠡᠢ ᠶᠢᠨ ᠳᠤᠭᠤᠶᠢᠯᠠᠩ ᠭᠡᠵᠦ ᠳᠥᠷᠪᠡᠨ ᠳᠤᠭᠤᠶᠢᠯᠠᠩ ᠬᠤᠪᠢᠶᠠᠵᠤ᠂ ᠡᠭᠦᠨ ᠳᠤ ᠳᠡᠰ ᠠᠴᠠ ᠳᠠᠪᠠᠭᠰᠠᠨ ᠡᠷᠡᠭᠲᠡᠢ ᠶᠢᠨ ᠳᠤᠭᠤᠶᠢᠯᠠᠩ ᠤᠨ ᠠᠩᠭᠢ 7᠂ ᠳᠡᠰ ᠠᠴᠠ ᠳᠠᠪᠠᠭᠰᠠᠨ ᠡᠮᠡᠭᠲᠡᠢ ᠶᠢᠨ ᠳᠤᠭᠤᠶᠢᠯᠠᠩ ᠤᠨ ᠠᠩᠭᠢ 3᠂ ᠰᠤᠷᠭᠠᠭᠤᠯᠢ ᠶᠢᠨ ᠬᠦᠷᠢᠶᠡᠨ ᠤ ᠡᠷᠡᠭᠲᠡᠢ ᠶᠢᠨ ᠳᠤᠭᠤᠶᠢᠯᠠᠩ ᠤᠨ ᠠᠩᠭᠢ 9᠂ ᠰᠤᠷᠭᠠᠭᠤᠯᠢ ᠶᠢᠨ ᠬᠦᠷᠢᠶᠡᠨ ᠤ ᠡᠮᠡᠭᠲᠡᠢ ᠶᠢᠨ ᠳᠤᠭᠤᠶᠢᠯᠠᠩ ᠤᠨ ᠠᠩᠭᠢ 9 ᠪᠠᠶᠢᠵᠤ᠂ 400 ᠭᠠᠷᠤᠢ ᠲᠠᠮᠢᠷᠴᠢᠨ ᠣᠷᠣᠯᠴᠠᠪᠠ᠃       ᠤᠷᠤᠯᠳᠤᠭᠠᠨ ᠳᠤ ᠲᠠᠮᠢᠷᠴᠢᠳ ᠡᠷᠡᠮᠡᠬᠡᠶᠢᠯᠡᠨ ᠲᠡᠮᠡᠴᠡᠵᠦ᠂ ᠨᠥᠬᠦᠷᠰᠡᠭ ᠮᠥᠷᠦ᠋ᠢᠴᠡᠪᠡ᠃ ᠬᠤᠷᠴᠠ ᠰᠢᠷᠦᠭᠦᠨ ᠮᠥᠷᠦ᠋ᠢᠴᠡᠯᠳᠦᠭᠡᠨ ᠢᠶᠠᠷ ᠳᠠᠮᠵᠢᠨ᠂ ᠡᠴᠦᠰ ᠲᠤ ᠳᠥᠷᠪᠡᠨ ᠠᠩᠭᠢ ᠲᠡᠷᠢᠭᠦᠨ ᠳᠤ ᠲᠣᠳᠤᠷᠠᠪᠠ - ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠡᠰ ᠠᠴᠠ ᠳᠠᠪᠠᠭᠰᠠᠨ ᠡᠷᠡᠭᠲᠡᠢ ᠶᠢᠨ ᠳᠤᠭᠤᠶᠢᠯᠠᠩ᠂ ᠳᠡᠰ ᠠᠴᠠ ᠳᠠᠪᠠᠭᠰᠠᠨ ᠡᠮᠡᠭᠲᠡᠢ ᠶᠢᠨ ᠳᠤᠭᠤᠶᠢᠯᠠᠩ ᠳᠤ ᠮᠠᠩᠯᠠᠶᠢᠯᠠᠵᠤ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠰᠤᠷᠭᠠᠭᠤᠯᠢ ᠶᠢᠨ ᠬᠦᠷᠢᠶᠡᠨ ᠤ ᠡᠷᠡᠭᠲᠡᠢ ᠶᠢᠨ ᠳᠤᠭᠤᠶᠢᠯᠠᠩ ᠳᠤ ᠮᠠᠩᠯᠠᠶᠢᠯᠠᠨ᠂ ᠥᠪᠥᠷ ᠮᠣᠩᠭᠤᠯ ᠤᠨ ᠶᠡᠭᠡ ᠰᠤᠷᠭᠠᠭᠤᠯᠢ ᠰᠤᠷᠭᠠᠭᠤᠯᠢ ᠶᠢᠨ ᠬᠦᠷᠢᠶᠡᠨ ᠤ ᠡᠮᠡᠭᠲᠡᠢ ᠶᠢᠨ ᠳᠤᠭᠤᠶᠢᠯᠠᠩ ᠳᠤ ᠮᠠᠩᠯᠠᠶᠢᠯᠠᠪᠠ᠃       ᠡᠨᠡ ᠤᠳᠠᠭᠠᠨ ᠤ ᠤᠶᠤᠲᠠᠳ ᠤᠨ ᠠᠯᠠᠭᠠᠳᠠᠬᠤ ᠪᠥᠮᠪᠦᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ︵ᠵᠢᠩᠬᠢᠨᠢ ᠠᠩᠭᠢ ᠶᠢᠨ ᠳᠤᠭᠤᠶᠢᠯᠠᠩ︶ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠬᠡᠷᠡᠭᠵᠢᠭᠦᠯᠵᠦ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠠᠭᠠᠭᠠᠴᠢᠯᠠᠨ ᠡᠷᠬᠢᠯᠡᠪᠡ᠃    
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ