ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠦᠬᠦ ᠣᠷᠣᠨ ᠤ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠬᠢᠨᠠᠨ ᠵᠢᠯᠣᠭᠤᠳᠬᠤ ᠭᠤᠣᠯᠯᠠᠭᠴᠢ ᠪᠦᠯᠬᠦᠮ ᠤᠨ ᠭᠡᠰᠢᠭᠦᠳ ᠤᠨ ᠪᠣᠯᠪᠠᠰᠤᠷᠠᠯ ᠤᠨ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2024/6/25
       6 ᠳ᠋ᠤᠭᠠᠷ ᠰᠠᠷ᠎ᠠ ᠶᠢᠨ 11 - 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠤᠯᠤᠰ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠳᠤ ᠨᠠᠶᠢᠳᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠬᠢᠨᠠᠨ ᠵᠢᠯᠣᠭᠤᠳᠬᠤ ᠭᠤᠣᠯᠯᠠᠭᠴᠢ ᠪᠦᠯᠬᠦᠮ ᠤᠨ ᠬᠡᠰᠢᠭᠦᠳ ᠤᠨ ᠪᠣᠯᠪᠠᠰᠤᠷᠠᠯ ᠤᠨ ᠠᠩᠭᠢ ᠶᠢ ᠨᠠᠨᠵᠢᠩ ᠪᠠᠭᠰᠢ ᠶᠢᠨ ᠶᠡᠭᠡ ᠰᠤᠷᠭᠠᠭᠤᠯᠢ ᠳᠤ ᠡᠷᠬᠢᠯᠡᠪᠡ᠃ ᠡᠨᠡ ᠤᠳᠠᠭᠠᠨ ᠤ ᠪᠣᠯᠪᠠᠰᠤᠷᠠᠯ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠣᠷᠣᠨ ᠤ ᠳᠣᠲᠤᠨ᠎ᠠ ᠭᠠᠳᠠᠨᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ ᠤᠨ ᠨᠡᠶᠢᠲᠡᠯᠢᠭ ᠲᠤᠷᠰᠢᠯᠭ᠎ᠠ ᠪᠠ ᠠᠷᠭ᠎ᠠ ᠪᠠᠷᠢᠯ ᠢ ᠰᠤᠷᠤᠯᠴᠠᠨ ᠰᠣᠯᠢᠯᠴᠠᠵᠤ᠂ ᠮᠠᠨ ᠤ ᠣᠷᠣᠨ ᠤ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ ᠤᠨ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃        ᠪᠣᠯᠪᠠᠰᠤᠷᠠᠯ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠲᠤᠭᠤᠰᠢᠯᠠᠭᠤᠯᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ᠂ ᠲᠤᠰᠬᠠᠢ ᠰᠡᠳᠦᠪᠲᠦ ᠮᠡᠳᠡᠭᠦᠯᠦᠯᠲᠡ᠂ ᠲᠤᠰᠬᠠᠢ ᠮᠡᠷᠭᠡᠵᠢᠯᠲᠡᠨ ᠮᠠᠳᠠᠭ ᠢ ᠲᠠᠶᠢᠯᠬᠤ᠂ ᠲᠤᠬᠠᠢ ᠶᠢᠨ ᠭᠠᠵᠠᠷ ᠢ ᠲᠣᠭᠤᠷᠢᠨ ᠦᠵᠡᠬᠦ᠂ ᠳᠤᠭᠤᠶᠢᠯᠠᠩ ᠬᠤᠪᠢᠶᠠᠨ ᠰᠤᠳᠤᠯᠤᠨ ᠶᠠᠷᠢᠯᠴᠠᠬᠤ᠂ ᠲᠤᠷᠰᠢᠯᠭ᠎ᠠ ᠬᠤᠪᠢᠶᠠᠯᠴᠠᠬᠤ᠂ ᠣᠯᠤᠯᠲᠠ ᠲᠥᠷᠥᠭᠳᠡᠯ ᠢᠶᠠᠨ ᠰᠣᠯᠢᠯᠴᠠᠬᠤ ᠵᠡᠷᠭᠡ ᠭᠤᠭᠴᠤᠭ᠎ᠠ ᠶᠢ ᠳᠣᠭᠢᠷᠠᠭᠤᠯᠪᠠ᠃ ᠲᠤᠰᠬᠠᠢ ᠮᠡᠷᠭᠡᠵᠢᠯᠲᠡᠨ ᠡᠷᠳᠡᠮᠲᠡᠳ ᠠᠴᠠ ᠣᠨᠣᠯ ᠪᠠ ᠲᠥᠷᠥ ᠶᠢᠨ ᠪᠣᠳᠣᠯᠭ᠎ᠠ ᠶᠢᠨ ᠲᠠᠯ᠎ᠠ ᠠᠴᠠ ᠶᠠᠭᠠᠬᠢᠵᠤ ᠭᠦᠢᠴᠡᠳᠬᠡᠯ ᠲᠤᠭ᠎ᠠ ᠳᠤ ᠰᠠᠭᠤᠷᠢᠯᠠᠨ ᠠᠰᠠᠭᠤᠳᠠᠯ ᠢ ᠡᠷᠢᠵᠦ᠂ ᠭᠦᠢᠴᠡᠳᠬᠡᠯ ᠲᠤᠭ᠎ᠠ ᠠᠴᠠ ᠳᠡᠭᠡᠭᠦᠷ ᠠᠰᠠᠭᠤᠳᠠᠯ ᠢ ᠦᠵᠡᠬᠦ ᠲᠤᠬᠠᠢ ᠲᠠᠶᠢᠯᠪᠤᠷᠢᠯᠠᠵᠤ᠂ ᠨᠢᠭᠡᠳᠦᠭᠡᠷ ᠹᠷᠣᠨᠲ ᠤᠨ ᠠᠵᠢᠯᠲᠠᠳ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠬᠠᠢ ᠶᠢᠨ ᠭᠠᠵᠠᠷ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ ᠢ ᠠᠬᠢᠭᠤᠯᠤᠭᠰᠠᠨ ᠲᠤᠷᠰᠢᠯᠭ᠎ᠠ ᠪᠠ ᠠᠷᠭ᠎ᠠ ᠪᠠᠷᠢᠯ ᠢᠶᠠᠨ ᠲᠠᠨᠢᠯᠴᠠᠭᠤᠯᠪᠠ᠃       ᠪᠣᠯᠪᠠᠰᠤᠷᠠᠯ ᠳᠤ ᠣᠷᠣᠯᠴᠠᠭᠰᠠᠨ ᠰᠤᠷᠤᠯᠭᠠᠲᠠᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠬᠢᠨᠠᠨ ᠵᠢᠯᠣᠭᠤᠳᠬᠤ ᠰᠢᠨ᠎ᠡ ᠣᠶᠢᠯᠠᠭᠠᠭᠳᠠᠬᠤᠨ᠂ ᠰᠢᠨ᠎ᠡ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠣᠭᠤᠷᠢᠨ ᠳᠤ᠂ ᠠᠰᠠᠭᠤᠳᠠᠯ ᠳᠤᠷᠠᠳᠤᠨ᠂ ᠰᠡᠳᠬᠢᠨ ᠪᠣᠳᠣᠯᠬᠢᠯᠠᠵᠤ᠂ ᠬᠠᠷᠠᠭᠠᠰᠤ ᠪᠠᠨ ᠥᠷᠭᠡᠳᠭᠡᠨ ᠪᠠ ᠬᠠᠷᠢᠭᠤᠴᠠᠯᠭ᠎ᠠ ᠡᠪᠦᠷᠯᠡᠨ ᠭᠦᠨᠵᠡᠭᠡᠢ ᠰᠤᠷᠤᠯᠴᠠᠵᠤ᠂ ᠦᠨᠡᠯᠡᠨ ᠵᠢᠱᠢᠬᠦ ᠪᠠᠷᠢᠮᠵᠢᠶ᠎ᠠ ᠶᠢᠨ ᠲᠤᠬᠠᠢ ᠰᠢᠨ᠎ᠡ ᠲᠠᠨᠢᠯᠲᠠ ᠪᠠ ᠣᠶᠢᠯᠠᠭᠠᠯᠲᠠ ᠲᠠᠢ ᠪᠣᠯᠤᠭᠰᠠᠨ ᠪᠠᠶᠢᠨ᠎ᠠ᠃       ᠡᠨᠡ ᠤᠳᠠᠭᠠᠨ ᠤ ᠪᠤᠯᠪᠠᠰᠤᠷᠠᠯ ᠤᠨ ᠬᠢᠴᠢᠶᠡᠯ ᠤᠨ ᠪᠠᠶᠢᠷᠢᠯᠠᠭᠤᠯᠤᠯᠲᠠ ᠪᠠᠶᠠᠯᠢᠭ ᠮᠥᠷᠲᠡᠭᠡᠨ ᠪᠣᠳᠠᠲᠠᠢ᠂ ᠬᠡᠷᠡᠭ ᠤᠨ ᠵᠢᠱᠢᠶ᠎ᠡ ᠬᠥᠮᠦᠰ ᠤᠨ ᠠᠩᠬᠠᠷᠤᠯ ᠢ ᠲᠠᠲᠠᠵᠤ᠂ ᠮᠠᠰᠢ ᠴᠢᠩᠭ᠎ᠠ ᠬᠡᠷᠡᠭᠯᠡᠭᠡᠨ ᠤ ᠴᠢᠨᠠᠷ᠂ ᠵᠢᠯᠣᠭᠤᠳᠬᠤ ᠴᠢᠨᠠᠷ ᠪᠠ ᠲᠣᠯᠢᠳᠠᠵᠤ ᠪᠣᠯᠬᠤᠶᠢᠴᠠ ᠦᠢᠯᠡᠳᠦᠯ ᠲᠠᠢ ᠪᠠᠶᠢᠵᠤ᠂ ᠰᠤᠷᠤᠯᠭᠠᠲᠠᠳ ᠥᠨᠳᠦᠷ ᠦᠨᠡᠯᠡᠪᠡ᠃ ᠪᠣᠯᠪᠠᠰᠤᠷᠠᠯ ᠢᠶᠠᠷ ᠳᠠᠮᠵᠢᠨ᠂ ᠰᠤᠷᠤᠯᠭᠠᠲᠠᠳ ᠤᠨ ᠬᠠᠷᠠᠭᠠᠰᠤ ᠥᠷᠭᠡᠵᠢᠨ᠂ ᠬᠠᠷᠢᠭᠤᠴᠠᠯᠭ᠎ᠠ ᠶᠢᠨ ᠲᠤᠬᠠᠢ ᠲᠣᠳᠣᠷᠬᠠᠢ ᠲᠠᠨᠢᠯᠲᠠ ᠲᠠᠢ ᠪᠣᠯᠵᠤ᠂ ᠠᠵᠢᠯ ᠤᠨ ᠬᠠᠷᠠᠯᠲᠠ ᠪᠠ ᠠᠷᠭ᠎ᠠ ᠮᠠᠶ᠋ᠢᠭ ᠢᠶᠠᠨ ᠤᠯᠠᠮ ᠨᠢᠭᠡ ᠠᠯᠬᠤᠮ ᠲᠣᠳᠣᠷᠬᠠᠶᠢᠯᠠᠨ᠂ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷᠯᠢᠭ ᠲᠡᠩᠴᠡᠭᠦᠷᠢᠲᠡᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ ᠢ ᠰᠠᠶᠢᠲᠤᠷ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃    
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ