ᠥᠪᠥᠷ ᠮᠣᠩᠭᠤᠯ ᠪᠦᠬᠦ ᠤᠯᠤᠰ ᠤᠨ ᠳᠣᠯᠣᠳᠤᠭᠠᠷ ᠬᠤᠭᠤᠴᠠᠭᠠᠨ ᠤ ᠤᠶᠤᠲᠠᠳ ᠤᠨ ᠤᠷᠠᠯᠢᠭ ᠤᠨ ᠦᠵᠡᠭᠦᠯᠭᠡ ᠶᠢᠨ ᠠᠵᠢᠯᠯᠠᠭ᠎ᠠ ᠳᠤ ᠰᠢᠯᠢᠳᠡᠭ ᠠᠮᠵᠢᠯᠲᠠ ᠣᠯᠪᠠ
ᠨᠡᠶᠢᠲᠡᠯᠡᠭᠰᠡᠨ ᠴᠠᠭ᠄
2024/6/25
       6 ᠳ᠋ᠤᠭᠠᠷ ᠰᠠᠷ᠎ᠠ ᠶᠢᠨ 17 ᠤ ᠡᠳᠦᠷ᠂ ᠰᠤᠷᠭᠠᠨ ᠬᠥᠮᠦᠵᠢᠯ ᠤᠨ ᠶᠠᠮᠤᠨ ᠪᠣᠯᠤᠨ ᠬᠤᠪᠧᠢ ᠮᠤᠵᠢ ᠶᠢᠨ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠬᠢᠯᠡᠭᠰᠡᠨ ᠪᠦᠬᠦ ᠤᠯᠤᠰ ᠤᠨ ᠳᠣᠯᠣᠳᠤᠭᠠᠷ ᠬᠤᠭᠤᠴᠠᠭᠠᠨ ᠤ ᠤᠶᠤᠲᠠᠳ ᠤᠨ ᠤᠷᠠᠯᠢᠭ ᠤᠨ ᠦᠵᠡᠭᠦᠯᠭᠡ ᠶᠢᠨ ᠠᠵᠢᠯᠯᠠᠭ᠎ᠠ ᠥᠨᠳᠥᠷᠯᠡᠪᠡ᠃ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ 33 ᠱᠠᠩᠨᠠᠯ ᠬᠦᠷᠲᠡᠵᠦ᠂ ᠡᠭᠦᠨ ᠳᠤ ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ 1᠂ ᠨᠢᠭᠡᠳᠦᠭᠡᠷ ᠳᠡᠰ ᠤᠨ ᠱᠠᠩᠨᠠᠯ 9᠂ ᠬᠤᠶᠠᠳᠤᠭᠠᠷ ᠳᠡᠰ ᠤᠨ ᠱᠠᠩᠨᠠᠯ 7᠂ ᠭᠤᠷᠪᠠᠳᠤᠭᠠᠷ ᠳᠡᠰ ᠤᠨ ᠱᠠᠩᠨᠠᠯ 15᠂ ᠰᠢᠯᠢᠳᠡᠭ ᠵᠣᠬᠢᠶᠠᠨ ᠪᠥᠲᠦᠭᠡᠯᠲᠡ ᠶᠢᠨ ᠱᠠᠩᠨᠠᠯ 1 ᠪᠣᠢ᠃ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠪᠥᠵᠢᠭ ︽ᠮᠠᠨ ᠤ ᠡᠵᠢ ᠲᠠᠯ᠎ᠠ ᠨᠤᠲᠤᠭ ᠲᠤ ᠪᠣᠢ︾ ᠨᠢ ᠬᠥᠰᠢᠭᠡ ᠬᠠᠭᠠᠬᠤ ᠲᠣᠭᠯᠠᠯᠲᠠ ᠳᠤ ᠤᠷᠢᠭᠳᠠᠨ ᠲᠣᠭᠯᠠᠪᠠ᠃        ᠡᠨᠡ ᠬᠤᠭᠤᠴᠠᠭᠠᠨ ᠤ ᠪᠦᠬᠦ ᠤᠯᠤᠰ ᠤᠨ ᠤᠶᠤᠲᠠᠳ ᠤᠨ ᠤᠷᠠᠯᠢᠭ ᠤᠨ ᠦᠵᠡᠭᠦᠯᠭᠡ ᠶᠢᠨ ᠠᠵᠢᠯᠯᠠᠭ᠎ᠠ ᠳᠤ ︽ᠤᠯᠤᠰ ᠭᠡᠷ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠤᠷᠤᠭᠰᠢᠯᠠᠨ ᠳᠠᠪᠰᠢᠬᠤ ᠵᠠᠩ ᠴᠢᠨᠠᠷ ᠢ ᠪᠠᠲᠤᠳᠬᠠᠬᠤ︾ ᠪᠠᠷ ᠭᠤᠣᠯ ᠰᠡᠳᠦᠪ ᠪᠣᠯᠭᠠᠵᠤ᠂ 31 ᠮᠤᠵᠢ ︵ᠣᠷᠣᠨ᠂ ᠬᠤᠲᠠ︶᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠪᠣᠯᠤᠨ ᠰᠢᠶᠠᠩᠭᠠᠩ ᠤᠨ ᠣᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠧᠨ ᠤ ᠣᠨᠴᠠᠭᠠᠢ ᠵᠠᠰᠠᠭ ᠵᠠᠬᠢᠷᠭᠠᠨ ᠤ ᠣᠷᠣᠨ ᠠᠴᠠ ᠢᠷᠡᠭᠰᠡᠨ 282 ᠲᠥᠷᠥᠯ ᠵᠦᠢᠯ ᠤᠨ 7400 ᠭᠠᠷᠤᠢ ᠪᠠᠭᠰᠢ ᠰᠤᠷᠤᠭᠴᠢ ᠠᠬᠤᠢ ᠲᠠᠯᠠᠪᠠᠢ ᠶᠢᠨ ᠦᠵᠡᠭᠦᠯᠭᠡ ᠶᠢᠨ ᠠᠵᠢᠯᠯᠠᠭ᠎ᠠ ᠳᠤ ᠣᠷᠣᠯᠴᠠᠪᠠ᠃ ᠡᠨᠡ ᠤᠳᠠᠭᠠᠨ ᠤ ᠲᠣᠮᠤ ᠬᠡᠪᠴᠢᠶᠡᠨ ᠤ ᠤᠷᠠᠯᠢᠭ ᠤᠨ ᠦᠵᠡᠭᠦᠯᠭᠡ ᠳᠤ ᠮᠠᠨ ᠤ ᠣᠷᠣᠨ 8 ᠠᠩᠭᠢ ᠲᠣᠮᠢᠯᠠᠵᠤ ᠦᠵᠡᠭᠦᠯᠭᠡ ᠶᠢᠨ ᠲᠣᠭᠯᠠᠯᠲᠠ ᠳᠤ ᠣᠷᠣᠯᠴᠠᠭᠤᠯᠪᠠ᠂ ᠡᠭᠦᠨ ᠳᠤ ᠤᠷᠠᠯᠢᠭ ᠤᠨ ᠲᠣᠭᠯᠠᠯᠲᠠ ᠶᠢᠨ ᠲᠥᠷᠥᠯ ᠤᠨ ᠫᠷᠣᠭ᠍ᠷᠠᠮ 1᠂ ᠤᠶᠤᠲᠠᠳ ᠤᠨ ᠤᠷᠠᠯᠢᠭ ᠤᠨ ᠦᠢᠯᠡᠳᠦᠯᠭᠡ ᠶᠢᠨ ᠠᠵᠢᠯᠯᠠᠬᠤ ᠳᠠᠰᠤᠭ ᠤᠨ ᠲᠥᠷᠥᠯ ᠵᠦᠢᠯ 2᠂ ᠶᠡᠭᠡ ᠳᠡᠭᠡᠳᠦ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠰᠢᠯᠢᠳᠡᠭ ᠵᠢᠱᠢᠶ᠎ᠡ 5 ᠪᠣᠢ᠃       ᠪᠦᠬᠦ ᠤᠯᠤᠰ ᠤᠨ ᠤᠶᠤᠲᠠᠳ ᠤᠨ ᠤᠷᠠᠯᠢᠭ ᠤᠨ ᠦᠵᠡᠭᠦᠯᠭᠡ ᠶᠢᠨ ᠠᠵᠢᠯᠯᠠᠭ᠎ᠠ ᠶᠢ 3 ᠵᠢᠯ ᠳᠤ ᠨᠢᠭᠡ ᠤᠳᠠᠭ᠎ᠠ ᠡᠷᠬᠢᠯᠡᠵᠦ᠂ ᠰᠤᠷᠭᠠᠨ ᠬᠥᠮᠦᠵᠢᠯ ᠤᠨ ᠰᠢᠰᠲ᠋ᠧᠮ ᠤᠨ ᠬᠡᠪᠴᠢᠶ᠎ᠡ ᠪᠠᠷ ᠬᠠᠮᠤᠭ ᠤᠨ ᠶᠡᠭᠡ᠂ ᠲᠤᠭ᠎ᠠ ᠪᠠᠷ ᠬᠠᠮᠤᠭ ᠤᠨ ᠣᠯᠠᠨ᠂ ᠨᠥᠯᠥᠭᠡ ᠢᠶᠠᠷ ᠬᠠᠮᠤᠭ ᠤᠨ ᠥᠷᠭᠡᠨ ᠤᠷᠠᠯᠢᠭ ᠤᠨ ᠦᠢᠯᠡᠳᠦᠯᠭᠡ ᠶᠢᠨ ᠠᠵᠢᠯᠯᠠᠭ᠎ᠠ ᠪᠣᠯᠤᠨ᠎ᠠ᠃ ᠲᠤᠰ ᠬᠤᠭᠤᠴᠠᠭᠠᠨ ᠤ ᠲᠣᠮᠤ ᠬᠡᠪᠴᠢᠶᠡᠨ ᠤ ᠤᠷᠠᠯᠢᠭ ᠤᠨ ᠦᠵᠡᠭᠦᠯᠭᠡ ᠶᠢᠨ ᠮᠥᠷᠦ᠋ᠢᠴᠡᠭᠡᠨ ᠳᠤ ᠪᠡᠯᠡᠳᠭᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠢᠳᠡᠪᠬᠢᠲᠡᠢ ᠵᠣᠬᠢᠶᠠᠨ ᠪᠠᠶᠢᠭᠤᠯᠵᠤ᠂ ᠨᠠᠷᠢᠨ ᠬᠢᠨᠠᠮᠠᠭᠠᠢ ᠪᠡᠯᠡᠳᠬᠡᠵᠦ᠂ ᠰᠤᠷᠭᠠᠭᠤᠯᠢ᠂ ᠨᠡᠶᠢᠭᠡᠮ ᠪᠠ ᠲᠤᠰᠬᠠᠢ ᠮᠡᠷᠭᠡᠵᠢᠯ ᠤᠨ ᠡᠬᠢ ᠪᠠᠶᠠᠯᠢᠭ ᠢ ᠭᠦᠢᠴᠡᠳ ᠳᠠᠶᠢᠴᠢᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠣᠯᠠᠨ ᠲᠦᠮᠡᠨᠴᠢ ᠴᠢᠨᠠᠷᠲᠠᠢ ᠤᠷᠠᠯᠢᠭ ᠤᠨ ᠦᠢᠯᠡᠳᠦᠯᠭᠡ ᠶᠢᠨ ᠠᠵᠢᠯᠯᠠᠭ᠎ᠠ ᠶᠢ ᠶᠡᠭᠡ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠰᠤᠷᠤᠭᠴᠢ ᠨᠢᠭᠡ ᠪᠦᠷᠢ ᠶᠢ ᠴᠥᠮ ᠣᠷᠣᠯᠴᠠᠭᠤᠯᠬᠤ ᠪᠠᠷ ᠴᠢᠷᠮᠠᠶᠢᠨ᠂ ᠭᠤᠸ᠎ᠠ ᠰᠠᠶᠢᠬᠠᠨ ᠤ ᠬᠥᠮᠦᠵᠢᠯ ᠤᠨ ᠲᠥᠷᠥᠯ ᠵᠦᠢᠯ ᠢ ᠲᠦᠭᠡᠮᠡᠯᠵᠢᠭᠦᠯᠬᠦ ᠶᠠᠪᠤᠴᠠ ᠳᠤ ᠵᠣᠬᠢᠶᠠᠨ ᠪᠦᠲᠦᠭᠡᠬᠦ ᠴᠢᠨᠠᠷ ᠢ ᠴᠢᠩᠭᠠᠳᠬᠠᠵᠤ᠂ ᠤᠷᠠᠯᠢᠭ ᠤᠨ ᠠᠭᠤᠯᠤᠭᠳᠠᠬᠤᠨ ᠢ ᠭᠦᠨᠵᠡᠭᠡᠶᠢᠷᠡᠭᠦᠯᠦᠨ᠂ ᠭᠤᠸ᠎ᠠ ᠰᠠᠶᠢᠬᠠᠨ ᠤ ᠬᠥᠮᠦᠵᠢᠯ ᠤᠨ ᠠᠵᠢᠯᠯᠠᠭᠠᠨ ᠤ ᠪᠦᠬᠦᠯᠢ ᠴᠣᠭᠴᠠ ᠶᠢᠨ ᠲᠦᠪᠰᠢᠨ ᠢ ᠳᠡᠭᠡᠭᠰᠢᠯᠡᠭᠦᠯᠬᠦ ᠶᠢ ᠪᠡᠶᠡᠯᠡᠭᠦᠯᠪᠡ᠃ ᠢᠷᠡᠭᠡᠳᠦᠢ ᠳᠤ ᠣᠯᠠᠨ ᠲᠥᠷᠥᠯ ᠤᠨ ᠶᠡᠷᠦᠩᠬᠡᠶᠢᠯᠡᠭᠰᠡᠨ ᠦᠵᠡᠭᠦᠯᠭᠡ ᠶᠢᠨ ᠲᠣᠭᠯᠠᠯᠲᠠ ᠪᠠ ᠲᠤᠰᠬᠠᠢ ᠵᠦᠢᠯ ᠤᠨ ᠦᠵᠡᠭᠦᠯᠭᠡ ᠶᠢᠨ ᠲᠣᠭᠯᠠᠯᠲᠠ ᠠᠭᠤᠰᠤᠯᠴᠠᠨ ᠬᠥᠭᠵᠢᠬᠦ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ︽ᠬᠠᠲᠠᠭᠤᠵᠢᠯᠲᠠᠢ ᠪᠣᠯᠪᠠᠰᠤᠷᠠᠵᠤ + ᠪᠠᠶᠢᠩᠭᠤ ᠦᠵᠡᠭᠦᠯᠵᠦ + ᠪᠠᠶᠢᠩᠭᠤ ᠲᠣᠭᠯᠠᠬᠤ︾ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠮᠠᠨ ᠤ ᠣᠷᠣᠨ ᠤ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠰᠣᠶᠣᠯ ᠤᠨ ᠨᠡᠷᠡᠲᠦ ᠲᠡᠮᠳᠡᠭᠲᠦ ᠶᠢ ᠬᠦᠴᠦᠯᠡᠨ ᠪᠤᠢ ᠪᠣᠯᠭᠠᠨ᠎ᠠ᠃    
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ