ᠪᠦᠬᠦ ᠣᠷᠣᠨ ᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠪᠠᠶᠢᠭᠤᠯᠤᠯᠲᠠ ᠪᠣᠯᠤᠨ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠰᠤᠷᠭᠠᠭᠤᠯᠢ ᠶᠢᠨ ᠵᠠᠬᠢᠷᠤᠯ ᠤᠨ ᠪᠣᠯᠪᠠᠰᠤᠷᠠᠯ ᠤᠨ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2024/6/25
       ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠤᠨ ᠬᠢᠴᠢᠶᠡᠯ ᠤᠨ ᠪᠠᠶᠢᠭᠤᠯᠤᠯᠲᠠ ᠶᠢᠨ ᠤᠳᠤᠷᠢᠳᠬᠤ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠴᠢᠨᠠᠷ ᠢ ᠡᠷᠬᠢᠮᠯᠡᠬᠦ ᠤᠬᠠᠮᠰᠠᠷ ᠢ ᠴᠢᠩᠭᠠᠳᠬᠠᠬᠤ ᠶᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠤ ᠵᠢᠭᠠᠬᠤ ᠶᠢ ᠰᠤᠳᠤᠯᠬᠤ ᠲᠠᠰᠤᠭ 6 ᠳ᠋ᠤᠭᠠᠷ ᠰᠠᠷ᠎ᠠ ᠶᠢᠨ 11 - 6 ᠳ᠋ᠤᠭᠠᠷ ᠰᠠᠷ᠎ᠠ ᠶᠢᠨ 16 ᠤ ᠡᠳᠦᠷ ᠪᠣᠯᠲᠠᠯ᠎ᠠ᠂ ᠪᠦᠬᠦ ᠣᠷᠣᠨ ᠤ ᠪᠠᠭ᠎ᠠ ᠰᠤᠷᠭᠠᠭᠤᠯᠢ ᠶᠢᠨ ᠵᠠᠬᠢᠷᠤᠯ ᠤᠨ ᠬᠢᠴᠢᠶᠡᠯ ᠤᠨ ᠤᠳᠤᠷᠢᠳᠬᠤ ᠬᠦᠴᠦᠨ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠡᠷᠬᠢᠯᠡᠪᠡ᠃        ︽ᠰᠤᠷᠭᠠᠭᠤᠯᠢ ᠶᠢᠨ ᠵᠠᠬᠢᠷᠤᠯ ᠤᠨ ᠬᠢᠴᠢᠶᠡᠯ ᠤᠨ ᠤᠳᠤᠷᠢᠳᠬᠤ ᠬᠦᠴᠦᠨ ᠢ ᠳᠡᠭᠡᠭᠰᠢᠯᠡᠭᠦᠯᠬᠦ︾ ᠡᠨᠡ ᠬᠦ ᠭᠤᠣᠯ ᠰᠡᠳᠦᠪ ᠤᠨ ᠲᠣᠭᠤᠷᠢᠨ ᠳᠤ᠂ ᠲᠤᠰᠬᠠᠢ ᠮᠡᠷᠭᠡᠵᠢᠯᠲᠡᠳ ᠲᠤᠰ ᠲᠤᠰ ︽ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠣᠭᠲᠠᠯᠴᠠᠭᠠᠨ ᠤ ᠪᠠᠶᠢᠭᠤᠯᠤᠯᠲᠠ ᠶᠢᠨ ᠲᠤᠬᠠᠢ ᠣᠶᠤᠨᠴᠢ ᠪᠣᠳᠣᠯᠬᠢᠯᠠᠯ︾᠂ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠭᠤᠣᠯ ᠬᠡᠪ ᠪᠣᠯᠪᠠᠰᠤᠷᠠᠯ ᠤᠨ ᠬᠠᠷᠠᠯᠲᠠ ᠳᠠᠬᠢ ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ︾᠂ ︽ᠬᠡᠪ ᠪᠣᠯᠪᠠᠰᠤᠷᠠᠯ ᠢᠶᠠᠷ ᠤᠳᠤᠷᠢᠳᠤᠮᠵᠢ ᠪᠣᠯᠭᠠᠭᠰᠠᠨ ᠪᠠᠭ᠎ᠠ ᠰᠤᠷᠭᠠᠭᠤᠯᠢ ᠶᠢᠨ ᠣᠨᠴᠠᠯᠢᠭᠲᠤ ᠬᠢᠴᠢᠶᠡᠯ ᠤᠨ ᠪᠠᠶᠢᠭᠤᠯᠤᠯᠲᠠ︾᠂ ︽ᠬᠢᠴᠢᠶᠡᠯ ᠤᠨ ᠪᠠᠶᠢᠭᠤᠯᠤᠯᠲᠠ ᠶᠢ ᠠᠬᠢᠭᠤᠯᠬᠤ ᠠᠵᠢᠯᠯᠠᠭᠠᠨ ᠤ ᠲᠥᠯᠥᠪᠯᠡᠭᠡ ᠶᠢᠨ ᠲᠤᠬᠠᠢ ᠪᠣᠳᠣᠯᠬᠢᠯᠠᠯ︾ ︽︿ᠥᠪᠡᠷᠲᠡᠭᠡᠨ ᠵᠠᠰᠠᠬᠤ ᠣᠷᠣᠨ ᠤ ᠬᠢᠴᠢᠶᠡᠯ ᠤᠨ ᠵᠢᠭᠠᠨ ᠰᠤᠷᠭᠠᠯᠲᠠ ᠶᠢ ᠦᠨᠡᠯᠡᠨ ᠵᠢᠯᠣᠭᠤᠳᠬᠤ ᠭᠠᠷ ᠠᠪᠤᠯᠭ᠎ᠠ﹀ ᠶᠢᠨ ᠲᠤᠬᠠᠢ ᠲᠠᠶᠢᠯᠪᠤᠷᠢᠯᠠᠯᠲᠠ︾ ᠭᠡᠬᠦ ᠰᠡᠳᠦᠪ ᠢᠶᠠᠷ ᠲᠠᠶᠢᠯᠤᠮᠵᠢ ᠬᠢᠪᠡ᠃       ᠰᠤᠷᠤᠯᠴᠠᠯᠭ᠎ᠠ ᠪᠣᠯᠪᠠᠰᠤᠷᠠᠯ ᠤᠨ ᠬᠤᠭᠤᠴᠠᠭᠠᠨ ᠳᠤ᠂ ᠪᠣᠯᠪᠠᠰᠤᠷᠠᠯ ᠳᠤ ᠣᠷᠣᠯᠴᠠᠭᠰᠠᠨ ᠪᠥᠬᠦ ᠰᠤᠷᠭᠠᠭᠤᠯᠢ ᠶᠢᠨ ᠵᠠᠬᠢᠷᠤᠯ ᠲᠠᠪᠤᠨ ᠰᠤᠷᠤᠯᠴᠠᠬᠤ ᠳᠤᠭᠤᠶᠢᠯᠠᠩ ᠪᠠᠶᠢᠭᠤᠯᠵᠤ᠂ ᠣᠯᠠᠨ ᠵᠦᠢᠯ ᠤᠨ ᠬᠡᠯᠪᠡᠷᠢ ᠪᠠᠷ ᠳᠤᠭᠤᠶᠢᠯᠠᠩ ᠬᠤᠪᠢᠶᠠᠨ ᠶᠠᠷᠢᠯᠴᠠᠬᠤ ᠶᠢ ᠥᠷᠨᠢᠭᠦᠯᠵᠦ᠂ ᠰᠤᠷᠤᠯᠭᠠᠲᠠᠳ ᠬᠢᠴᠢᠶᠡᠯ ᠲᠥᠯᠦᠪᠵᠢᠭᠦᠯᠬᠦ ᠶᠠᠪᠤᠴᠠ ᠳᠠᠬᠢ ᠲᠥᠭᠡᠷᠢᠭᠳᠡᠯ ᠢᠶᠠᠨ ᠶᠠᠷᠢᠵᠤ᠂ ᠰᠤᠷᠤᠯᠴᠠᠯᠭ᠎ᠠ ᠶᠢᠨ ᠶᠠᠪᠤᠴᠠ ᠳᠤ ᠤᠬᠠᠪᠤᠷᠢᠯᠠᠭᠰᠠᠨ ᠬᠢᠴᠢᠶᠡᠯ ᠤᠨ ᠲᠥᠯᠥᠪᠵᠢᠭᠦᠯᠭᠡ ᠶᠢᠨ ᠲᠤᠬᠠᠢ ᠥᠪᠡᠷ ᠤᠨ ᠲᠥᠷᠥᠭᠳᠡᠯ ᠢᠶᠠᠨ ᠬᠤᠪᠢᠶᠠᠯᠴᠠᠵᠤ᠂ ᠲᠤᠰᠬᠠᠢ ᠮᠡᠷᠭᠡᠵᠢᠯᠲᠡᠨ ᠤ ᠲᠠᠶᠢᠯᠤᠮᠵᠢ ᠳᠤ ᠳᠤᠷᠠᠳᠤᠭᠰᠠᠨ ᠬᠢᠴᠢᠶᠡᠯ ᠲᠥᠯᠦᠪᠵᠢᠭᠦᠯᠬᠦ ᠠᠷᠭ᠎ᠠ ᠵᠠᠮ ᠪᠠ ᠲᠤᠷᠰᠢᠯᠭ᠎ᠠ ᠲᠠᠢ ᠤᠶᠠᠯᠳᠤᠭᠤᠯᠤᠨ᠂ ᠡᠯ᠎ᠡ ᠰᠤᠷᠭᠠᠭᠤᠯᠢ ᠶᠢᠨ ᠬᠢᠴᠢᠶᠡᠯ ᠤᠨ ᠲᠥᠯᠥᠪᠵᠢᠭᠦᠯᠭᠡ ᠶᠢ ᠤᠯᠠᠮ ᠨᠢᠭᠡ ᠠᠯᠬᠤᠮ ᠵᠠᠰᠠᠪᠤᠷᠢᠯᠠᠨ ᠲᠡᠭᠦᠯᠳᠡᠷᠵᠢᠭᠦᠯᠵᠦ᠂ ᠣᠯᠠᠨ ᠢᠶᠠᠷ ᠢᠶᠠᠨ ᠨᠡᠪᠲᠡᠷᠡᠯᠴᠡᠵᠦ᠂ ᠦᠨᠡᠯᠡᠵᠦ᠂ ᠰᠠᠨᠠᠭᠤᠯᠭ᠎ᠠ ᠶᠢ ᠥᠷᠭᠡᠨ ᠢᠶᠠᠷ ᠬᠦᠯᠢᠶᠡᠨ ᠠᠪᠤᠪᠠ᠃ ᠪᠣᠯᠪᠠᠰᠤᠷᠠᠯ ᠳᠤ ᠣᠷᠣᠯᠴᠠᠭᠰᠠᠨ ᠡᠯ᠎ᠡ ᠰᠤᠷᠭᠠᠭᠤᠯᠢ ᠬᠢᠴᠢᠶᠡᠯ ᠤᠨ ᠲᠥᠯᠥᠪᠵᠢᠭᠦᠯᠭᠡ ᠶᠢᠨ ᠦᠨᠳᠦᠰᠦᠨ ᠬᠡᠪ ᠵᠠᠭᠪᠤᠷ ᠢ ᠲᠥᠰᠦᠪᠯᠡᠬᠦ ᠶᠢ ᠪᠦᠬᠦᠨ ᠢ ᠪᠡᠶᠡᠯᠡᠭᠦᠯᠦᠭᠰᠡᠨ ᠪᠥᠭᠡᠳ ᠪᠣᠯᠪᠠᠰᠤᠷᠠᠯ ᠳᠠᠭᠤᠰᠤᠭᠰᠠᠨ ᠤ ᠳᠠᠷᠠᠭ᠎ᠠ ᠬᠢᠴᠢᠶᠡᠯ ᠤᠨ ᠪᠠᠶᠢᠭᠤᠯᠤᠯᠲᠠ ᠶᠢᠨ ᠰᠢᠨ᠎ᠡ ᠲᠥᠯᠥᠪᠵᠢᠭᠦᠯᠭᠡ ᠶᠢ ᠳᠣᠰᠢᠶᠠᠪᠠ᠃       ᠡᠨᠡ ᠤᠳᠠᠭᠠᠨ ᠤ ᠪᠣᠯᠪᠠᠰᠤᠷᠠᠯ ᠭᠤᠣᠯᠳᠠᠭᠤ ᠦᠢᠯᠡᠳᠦᠯᠭᠡ ᠪᠠᠷ ᠳᠠᠮᠵᠢᠨ ᠰᠤᠷᠤᠯᠴᠠᠬᠤ ᠵᠠᠭᠪᠤᠷ ᠢᠶᠠᠷ ᠭᠤᠣᠯ ᠪᠣᠯᠭᠠᠵᠤ᠂ ᠰᠣᠯᠢᠯᠴᠠᠬᠤ᠂ ᠪᠣᠯᠪᠠᠰᠤᠷᠠᠭᠤᠯᠬᠤ᠂ ᠳᠡᠭᠡᠭᠰᠢᠯᠡᠭᠦᠯᠬᠦ ᠪᠠᠷ ᠳᠠᠮᠵᠢᠭᠤᠯᠤᠨ᠂ ᠪᠦᠬᠦ ᠣᠷᠣᠨ ᠤ ᠰᠤᠷᠭᠠᠭᠤᠯᠢ ᠶᠢᠨ ᠵᠠᠬᠢᠷᠤᠯ ᠤᠨ ᠬᠢᠴᠢᠶᠡᠯ ᠤᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠤᠨ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠭᠠᠭᠤᠯᠢ ᠶᠢᠨ ᠤᠯᠤᠰ ᠤᠨ ᠬᠢᠴᠢᠶᠡᠯ ᠤᠨ ᠲᠥᠰᠦᠯ ᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠤᠨ᠂ ᠰᠤᠷᠭᠠᠭᠤᠯᠢ ᠶᠢᠨ ᠬᠢᠴᠢᠶᠡᠯ ᠢ ᠨᠡᠭᠡᠭᠡᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠬᠢᠴᠢᠶᠡᠯ ᠤᠨ ᠴᠢᠨᠠᠷ ᠢ ᠦᠨᠡᠨ ᠬᠦ ᠳᠡᠭᠡᠭᠰᠢᠯᠡᠭᠦᠯᠦᠨ᠂ ᠬᠢᠴᠢᠶᠡᠯ ᠤᠨ ᠤᠳᠤᠷᠢᠳᠬᠤ ᠬᠦᠴᠦᠨ ᠢ ᠪᠦᠲᠦᠮᠵᠢᠲᠡᠢ ᠳᠡᠭᠡᠭᠰᠢᠯᠡᠭᠦᠯᠵᠦ᠂ ᠬᠥᠮᠦᠨ ᠬᠥᠮᠦᠵᠢᠭᠦᠯᠬᠦ ᠠᠷᠭ᠎ᠠ ᠮᠠᠶ᠋ᠢᠭ ᠤᠨ ᠬᠤᠪᠢᠰᠤᠯᠲᠠ ᠶᠢ ᠤᠯᠠᠮ ᠨᠢᠭᠡ ᠠᠯᠬᠤᠮ ᠠᠬᠢᠭᠤᠯᠤᠨ᠂ ᠭᠤᠣᠯᠯᠠᠬᠤ ᠬᠡᠪ ᠪᠣᠯᠪᠠᠰᠤᠷᠠᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠪᠠᠷ ᠨᠡᠩ ᠶᠡᠭᠡ ᠬᠦᠴᠦᠯᠡᠨ ᠴᠢᠷᠮᠠᠶᠢᠪᠠ᠃    
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ