ᠱᠠᠨᠰᠢ ᠪᠠᠭᠰᠢ ᠶᠢᠨ ᠶᠡᠭᠡ ᠰᠤᠷᠭᠠᠭᠤᠯᠢ ᠶᠢᠨ ︽ᠵᠠᠭᠤᠨ ᠰᠤᠷᠭᠠᠭᠤᠯᠢ ᠶᠢᠨ ᠠᠶᠠᠯᠠᠯ︾ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠣᠷᠣᠨ ᠳᠤ ᠢᠷᠡᠵᠦ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2024/6/25
       6 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠱᠠᠨᠰᠢ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ ᠯᠦᠸᠧ ᠶᠥᠩ ᠾᠦᠢ ︽ᠵᠠᠭᠤᠨ ᠰᠤᠷᠭᠠᠭᠤᠯᠢ ᠶᠢᠨ ᠠᠶᠠᠯᠠᠯ︾ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠡᠰᠢᠭᠦᠳ ᠢ ᠳᠠᠭᠠᠭᠤᠯᠤᠨ ᠮᠠᠨ ᠤ ᠣᠷᠣᠨ ᠳᠤ ᠢᠷᠡᠵᠦ ᠪᠠᠶᠢᠴᠠᠭᠠᠨ ᠰᠣᠳᠤᠯᠵᠤ᠂ ᠥᠪᠥᠷ ᠮᠣᠩᠭᠤᠯ ᠤᠨ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠣᠳᠣᠬᠢ ᠪᠠᠶᠢᠳᠠᠯ ᠢ ᠭᠦᠨᠵᠡᠭᠡᠢ ᠣᠶᠢᠯᠠᠭᠠᠭᠰᠠᠨ ᠪᠥᠭᠡᠳ ᠳᠠᠷᠠᠭ᠎ᠠ ᠠᠯᠬᠤᠮ ᠳᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠠᠷᠠᠭᠤᠨ ᠣᠷᠣᠨ ᠤ ᠰᠠᠭᠤᠷᠢ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠬᠠᠮᠲᠤ ᠳᠤ ᠪᠠᠨ ᠠᠬᠢᠭᠤᠯᠬᠤ ᠲᠤᠬᠠᠢ ᠵᠥᠪᠳᠡᠯᠴᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠢ ᠠᠭᠤᠯᠵᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ ᠲᠤᠰᠬᠠᠢ ᠰᠡᠳᠦᠪᠲᠦ ᠶᠠᠷᠢᠯᠴᠠᠬᠤ ᠬᠤᠷᠠᠯ ᠢ ᠡᠷᠬᠢᠯᠡᠪᠡ᠃        ᠯᠦᠸᠧ ᠶᠥᠩ ᠾᠦᠢ ᠱᠠᠨᠰᠢ ᠪᠠᠭᠰᠢ ᠶᠢᠨ ᠶᠡᠭᠡ ᠰᠤᠷᠭᠠᠭᠤᠯᠢ ᠶᠢᠨ ᠪᠠᠭᠰᠢ ᠶᠢᠨ ᠲᠥᠷᠦᠯ ᠤᠨ ᠴᠢᠳᠠᠪᠤᠷᠢᠲᠠᠨ ᠤ ᠠᠵᠢᠯ ᠳᠤ ᠣᠷᠣᠬᠤ ᠠᠴᠠ ᠡᠮᠦᠨᠡᠬᠢ ᠬᠥᠮᠦᠵᠢᠭᠦᠯᠦᠯ ᠪᠠ ᠠᠵᠢᠯ ᠳᠤ ᠣᠷᠣᠭᠰᠠᠨ ᠤ ᠳᠠᠷᠠᠭᠠᠬᠢ ᠪᠣᠯᠪᠠᠰᠤᠷᠠᠯ᠂ ᠪᠠᠭᠰᠢ ᠶᠢᠨ ᠳᠡᠭᠡᠳᠦ ᠰᠤᠷᠭᠠᠭᠤᠯᠢ ᠶᠢᠨ ᠬᠢᠨ ᠬᠠᠮᠵᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠬᠢᠯᠢ ᠶᠢᠨ ᠤᠯᠤᠰ ᠤᠨ ᠡᠭᠦᠳᠡᠨ ᠤ ᠰᠤᠷᠭᠠᠭᠤᠯᠢ ᠶᠢᠨ ︽ᠾᠥᠩ ᠵᠦ ᠮᠢᠶᠣᠣ ᠫᠦ᠋︾ ᠶᠢᠨ ᠦᠢᠯᠡᠳᠦᠯᠭᠡ ᠪᠠᠷ ᠬᠥᠮᠦᠨ ᠬᠥᠮᠦᠵᠢᠭᠦᠯᠬᠦ ᠲᠥᠷᠥᠯ ᠵᠦᠢᠯ ᠵᠡᠷᠭᠡ ᠶᠢ ᠲᠠᠨᠢᠯᠴᠠᠭᠤᠯᠤᠭᠰᠠᠨ ᠤ ᠬᠠᠮᠲᠤ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠴᠠᠭᠠᠰᠢᠲᠠ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠪᠡ᠃ ᠰᠤᠷᠭᠠᠨ ᠬᠥᠮᠦᠵᠢᠯ ᠤᠨ ᠲᠢᠩᠬᠢᠮ ᠤᠨ ᠬᠤᠯᠪᠣᠭᠳᠠᠬᠤ ᠭᠠᠵᠠᠷ ᠲᠠᠰᠤᠭ ᠤᠨ ᠬᠠᠷᠢᠭᠤᠴᠠᠯᠭᠠᠲᠠᠨ᠂ ᠰᠤᠷᠭᠠᠭᠤᠯᠢ ᠶᠢᠨ ᠵᠠᠬᠢᠷᠤᠯ ᠤᠨ ᠲᠥᠯᠥᠭᠡᠯᠡᠭᠴᠢ ᠪᠣᠯᠤᠨ ᠱᠠᠨᠰᠢ ᠪᠠᠭᠰᠢ ᠶᠢᠨ ᠶᠡᠭᠡ ᠰᠤᠷᠭᠠᠭᠤᠯᠢ ᠲᠡᠭᠦᠰᠦᠭᠰᠡᠳ ᠤᠨ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠤᠶᠠᠷ ᠲᠠᠯ᠎ᠠ ᠪᠠᠷ ᠢᠶᠠᠨ ᠰᠤᠷᠤᠭᠴᠢ ᠡᠯᠰᠡᠬᠦ ᠪᠠ ᠳᠠᠳᠤᠯᠭ᠎ᠠ ᠬᠢᠯᠭᠡᠵᠦ ᠠᠵᠢᠯ ᠣᠯᠭᠤᠬᠤ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠬᠤ᠂ ᠳᠡᠭᠡᠳᠦ ᠰᠤᠷᠭᠠᠭᠤᠯᠢ ᠬᠤᠷᠰᠢᠶᠠᠯᠠᠨ ᠬᠠᠪᠰᠤᠷᠤᠨ ᠲᠡᠳᠬᠦᠬᠦ ᠪᠠ ᠪᠠᠭᠰᠢ ᠶᠢᠨ ᠪᠣᠯᠪᠠᠰᠤᠷᠠᠯ ᠢ ᠥᠷᠨᠢᠭᠦᠯᠬᠦ᠂ ᠰᠠᠭᠤᠷᠢ ᠰᠤᠷᠭᠠᠨ ᠬᠥᠮᠦᠵᠢᠯ ᠤᠨ ᠥᠪᠡᠷᠮᠢᠴᠡ ᠣᠨᠴᠠᠯᠢᠭᠲᠤ ᠰᠤᠳᠤᠯᠤᠨ ᠰᠤᠷᠤᠯᠴᠠᠬᠤ ᠶᠢ ᠬᠡᠷᠡᠭᠵᠢᠭᠦᠯᠬᠦ᠂ ᠬᠢᠯᠢ ᠶᠢᠨ ᠤᠯᠤᠰ ᠤᠨ ᠡᠭᠦᠳᠡᠨ ᠤ ᠰᠤᠷᠭᠠᠭᠤᠯᠢ ᠶᠢᠨ ᠬᠥᠭᠵᠢᠯᠲᠡ ᠶᠢ ᠠᠬᠢᠭᠤᠯᠬᠤ ᠵᠡᠷᠭᠡ ᠣᠯᠠᠨ ᠲᠠᠯ᠎ᠠ ᠪᠠᠷ ᠪᠣᠳᠠᠲᠠᠢ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠪᠡ᠃       ᠮᠠᠨ ᠤ ᠣᠷᠣᠨ ᠳᠤ ᠪᠠᠶᠢᠴᠠᠭᠠᠨ ᠰᠣᠳᠤᠯᠬᠤ ᠬᠤᠭᠤᠴᠠᠭᠠᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠬᠥᠬᠡᠬᠤᠲᠠ᠂ ᠪᠠᠶᠠᠨᠨᠠᠭᠤᠷ ᠬᠤᠲᠠ ᠵᠡᠷᠭᠡ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠪᠠᠶᠢᠴᠠᠭᠠᠨ ᠰᠣᠳᠤᠯᠵᠤ ᠰᠠᠨᠠᠯ ᠢᠶᠠᠨ ᠰᠣᠯᠢᠯᠴᠠᠨ᠂ ᠰᠤᠷᠭᠠᠭᠤᠯᠢ ᠶᠢᠨ ᠨᠠᠶᠢᠵᠠ ᠪᠠᠨ ᠪᠣᠯᠭᠤᠭᠠᠨ ᠦᠵᠡᠭᠰᠡᠨ ᠪᠥᠭᠡᠳ ᠱᠠᠨᠰᠢ ᠪᠠᠭᠰᠢ ᠶᠢᠨ ᠶᠡᠭᠡ ᠰᠤᠷᠭᠠᠭᠤᠯᠢ ᠶᠢᠨ ︽ᠴᠢᠨᠠᠷᠯᠢᠭ ᠰᠤᠷᠤᠭᠴᠢ ᠶᠢᠨ ᠢᠷᠡᠯᠲᠡ ᠶᠢᠨ ᠰᠠᠭᠤᠷᠢᠨ︾ ᠪᠠ ᠬᠢᠯᠢ ᠶᠢᠨ ᠤᠯᠤᠰ ᠤᠨ ᠡᠭᠦᠳᠡᠨ ᠤ ᠰᠤᠷᠭᠠᠭᠤᠯᠢ ᠶᠢᠨ ︽ᠾᠥᠩ ᠵᠦ ᠮᠢᠶᠣᠣ ᠫᠦ᠋︾ ᠳᠤ ᠫᠠᠶᠢᠰᠠ ᠣᠯᠭᠤᠪᠠ᠃    
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ