ᠮᠠᠨ ᠤ ᠣᠷᠣᠨ ᠰᠤᠷᠤᠭᠴᠢᠳ ᠤᠨ ᠤᠰᠤᠨ ᠤ ᠠᠳᠡᠯ ᠢ ᠰᠡᠷᠭᠡᠶᠢᠯᠡᠬᠦ ᠠᠵᠢᠯ ᠢ ᠠᠬᠢᠭᠤᠯᠬᠤ ᠸᠢᠳᠢᠤ᠋ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/25
       6 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠵᠥᠪᠯᠡᠯ ᠪᠦᠬᠦ ᠣᠷᠣᠨ ᠤ ᠰᠤᠷᠤᠭᠴᠢᠳ ᠤᠨ ᠤᠰᠤᠨ ᠤ ᠠᠳᠡᠯ ᠢ ᠰᠡᠷᠭᠡᠶᠢᠯᠡᠬᠦ ᠠᠵᠢᠯ ᠢ ᠠᠬᠢᠭᠤᠯᠬᠤ ᠸᠢᠳᠢᠤ᠋ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠠᠮᠢᠶ᠎ᠠ ᠪᠦᠬᠦᠢ ᠤᠳᠤᠷᠢᠳᠤᠯᠭ᠎ᠠ ᠲᠤᠰ ᠲᠤᠰ ᠠᠵᠢᠯ ᠢᠶᠠᠨ ᠪᠠᠶᠢᠷᠢᠯᠠᠭᠤᠯᠪᠠ᠃        ᠬᠤᠷᠠᠯ ᠠᠴᠠ᠂ ᠡᠯ᠎ᠡ ᠭᠠᠵᠠᠷ ᠤᠨ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠤᠷᠤᠭᠴᠢᠳ ᠤᠨ ᠤᠰᠤᠨ ᠤ ᠠᠳᠡᠯ ᠢ ᠰᠡᠷᠭᠡᠶᠢᠯᠡᠬᠦ ᠠᠵᠢᠯ ᠤᠨ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ 15 ᠰᠠᠯᠠᠭ᠎ᠠ ᠮᠥᠴᠢᠷ ᠤᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠤᠭᠴᠢᠳ ᠤᠨ ᠤᠰᠤᠨ ᠤ ᠠᠳᠡᠯ ᠢ ᠰᠡᠷᠭᠡᠶᠢᠯᠡᠬᠦ ᠠᠵᠢᠯ ᠤᠨ ᠲᠤᠰᠬᠠᠢ ᠠᠵᠢᠯᠯᠠᠭᠠᠨ ᠤ ᠬᠡᠷᠡᠭᠵᠢᠭᠦᠯᠬᠦ ᠲᠥᠰᠦᠯ︾ ᠶᠣᠰᠣᠭᠠᠷ᠂ ᠠᠷᠭ᠎ᠠ ᠬᠡᠮᠵᠢᠶ᠎ᠡ ᠪᠣᠯᠤᠨ ᠠᠷᠭ᠎ᠠ ᠪᠣᠳᠤᠯᠭ᠎ᠠ ᠶᠢᠨ  ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠪᠦᠬᠦ ᠨᠡᠶᠢᠭᠡᠮ ᠢᠶᠠᠷ ᠬᠥᠳᠡᠯᠦᠯᠴᠡᠨ᠂ ᠪᠦᠬᠦ ᠬᠦᠷᠢᠶ᠎ᠡ ᠴᠠᠷᠠᠭ᠎ᠠ ᠳᠤ ᠬᠦᠴᠦᠯᠡᠵᠦ᠂ ᠪᠦᠬᠦᠨ ᠢ ᠬᠠᠮᠤᠷᠤᠨ ᠬᠠᠮᠢᠶᠠᠷᠤᠨ ᠡᠵᠡᠮᠳᠡᠵᠦ᠂ ᠰᠤᠷᠤᠭᠴᠢᠳ ᠤᠨ ᠤᠰᠤᠨ ᠤ ᠠᠳᠡᠯ ᠢ ᠰᠡᠷᠭᠡᠶᠢᠯᠡᠬᠦ ᠠᠵᠢᠯ ᠤᠨ ᠤᠬᠠᠭᠤᠯᠭ᠎ᠠ ᠶᠢ ᠪᠣᠳᠠᠲᠠᠶᠢᠵᠢᠭᠤᠯᠵᠤ᠂ ᠬᠥᠮᠦᠵᠢᠯ ᠢ ᠪᠣᠳᠠᠲᠠᠶᠢᠵᠢᠭᠤᠯᠵᠤ᠂ ᠬᠠᠮᠢᠶᠠᠷᠤᠯᠲᠠ ᠶᠢ ᠪᠣᠳᠠᠲᠠᠶᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠳᠤᠮᠳᠠᠳᠤ ᠪᠠᠭ᠎ᠠ ᠰᠤᠷᠭᠠᠭᠤᠯᠢ ᠭᠤᠣᠯ ᠰᠡᠳᠦᠪᠲᠦ ᠠᠩᠭᠢ ᠶᠢᠨ ᠬᠤᠷᠠᠯ ᠢ ᠨᠢᠭᠡ ᠤᠳᠠᠭ᠎ᠠ ᠵᠣᠬᠢᠶᠠᠨ ᠪᠠᠶᠢᠭᠤᠯᠵᠤ᠂ ᠨᠢᠭᠡ ᠤᠳᠠᠭ᠎ᠠ ᠠᠮᠤᠷ ᠲᠦᠪᠰᠢᠨ ᠤ ᠮᠡᠳᠡᠯᠭᠡ ᠶᠢᠨ ᠰᠤᠷᠤᠯᠴᠠᠯᠭ᠎ᠠ ᠶᠢ ᠥᠷᠨᠢᠭᠦᠯᠦᠨ᠂ ᠨᠢᠭᠡ ᠪᠥᠯᠦᠭ ᠰᠡᠷᠡᠮᠵᠢᠯᠡᠭᠦᠯᠬᠦ ᠹᠢᠯᠢᠮ ᠢ ᠨᠡᠪᠲᠡᠷᠡᠭᠦᠯᠵᠦ᠂ ᠨᠢᠭᠡ ᠬᠤᠪᠢ ᠠᠮᠤᠷ ᠲᠦᠪᠰᠢᠨ ᠤ ᠬᠢᠴᠢᠶᠡᠯ ᠣᠷᠣᠨ᠂ ᠨᠢᠭᠡ ᠬᠤᠪᠢ ᠠᠮᠠᠯᠠᠯᠲᠠ ᠶᠢᠨ ᠪᠢᠴᠢᠭ ᠳᠣᠭᠲᠠᠵᠤ᠂ ᠨᠢᠭᠡ ᠬᠤᠪᠢ ᠠᠮᠤᠷ ᠲᠦᠪᠰᠢᠨ ᠤ ᠰᠠᠨᠠᠭᠤᠯᠤᠮᠵᠢ ᠶᠢᠨ ᠮᠡᠳᠡᠭᠡ ᠵᠠᠩᠭᠢ ᠶᠠᠪᠤᠭᠤᠯᠵᠤ᠂ ᠨᠢᠭᠡ ᠤᠳᠠᠭ᠎ᠠ ᠭᠡᠷ ᠲᠤ ᠨᠢ ᠬᠦᠷᠴᠦ ᠰᠤᠷᠪᠤᠯᠵᠢᠯᠠᠨ ᠭᠡᠷ ᠤᠨ ᠠᠬᠠᠮᠠᠳ ᠲᠤ ︽ᠲᠥᠷᠪᠡ ᠶᠢ ᠮᠡᠳᠡᠬᠦ︾ ᠶᠢ ᠪᠡᠶᠡᠯᠡᠭᠦᠯᠬᠦ᠂ ᠰᠤᠷᠤᠭᠴᠢᠳ ᠢ ᠬᠥᠮᠥᠵᠢᠭᠦᠯᠦᠨ ︽ᠵᠢᠷᠭᠤᠭᠠᠨ ᠦᠭᠡᠢ︾ ᠶᠢ ᠪᠡᠶᠡᠯᠡᠭᠦᠯᠬᠦ ᠶᠢ ᠰᠠᠨᠠᠭᠤᠯᠵᠤ᠂ ᠰᠤᠷᠭᠠᠨ ᠬᠥᠮᠦᠵᠢᠯ ᠤᠨ ᠠᠵᠢᠯᠯᠠᠭ᠎ᠠ ᠶᠢ ᠰᠤᠷᠤᠭᠴᠢ ᠪᠠ ᠭᠡᠷ ᠤᠨ ᠠᠬᠠᠮᠠᠳ ᠨᠢᠭᠡ ᠪᠦᠷᠢ ᠳᠤ ᠪᠦᠷᠬᠦᠭᠦᠯᠵᠦ᠂ ᠬᠥᠮᠦᠨ ᠪᠦᠬᠦᠨ ᠰᠤᠷᠭᠠᠨ ᠬᠥᠮᠦᠵᠢᠯ ᠬᠦᠷᠲᠡᠬᠦ ᠶᠢ ᠦᠨᠡᠨ ᠬᠦ ᠪᠠᠲᠤᠯᠠᠨ᠂ ᠴᠢᠬᠢᠨ ᠳᠤ ᠨᠢ ᠬᠠᠳᠠᠩᠰᠢᠭᠤᠯᠵᠤ᠂ ᠲᠠᠷᠢᠬᠢᠨ ᠳᠤ ᠨᠢ ᠬᠠᠳᠠᠩᠰᠢᠭᠤᠯᠵᠤ᠂ ᠰᠡᠳᠬᠢᠯ ᠳᠤ ᠨᠢ ᠬᠠᠨᠩᠰᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠭᠠᠵᠠᠷ ᠤᠨ ᠤᠬᠠᠭᠤᠯᠬᠤ ᠰᠠᠯᠠᠭ᠎ᠠ ᠮᠥᠴᠢᠷ ᠤᠨ ᠬᠢᠨ ᠡᠯ᠎ᠡ ᠲᠥᠷᠥᠯ ᠤᠨ ᠵᠠᠭᠤᠴᠢᠯᠠᠭᠤᠷ ᠢ ᠵᠣᠬᠢᠶᠠᠨ ᠪᠠᠶᠢᠭᠤᠯᠤᠨ ᠤᠰᠤᠨ ᠤ ᠠᠳᠡᠯ ᠢ ᠰᠡᠷᠭᠡᠶᠢᠯᠡᠬᠦ ᠨᠡᠶᠢᠲᠡ ᠶᠢᠨ ᠠᠰᠠᠷᠠᠮᠵᠢ ᠶᠢᠨ ᠤᠬᠠᠭᠤᠯᠬᠤ ᠠᠵᠢᠯᠯᠠᠭ᠎ᠠ ᠶᠢ ᠥᠷᠨᠢᠭᠦᠯᠵᠦ᠂ ᠰᠤᠷᠤᠭᠴᠢᠳ ᠤᠨ ᠤᠰᠤᠨ ᠤ ᠠᠳᠡᠯ ᠢ ᠰᠡᠷᠭᠡᠶᠢᠯᠡᠬᠦ ᠶᠢ ᠤᠬᠠᠭᠤᠯᠬᠤ ᠨᠡᠶᠢᠭᠡᠮ ᠤᠨ ᠥᠷᠭᠡᠴᠡ ᠪᠣᠯᠤᠨ ᠭᠦᠨᠴᠡ ᠶᠢ ᠤᠯᠠᠮ ᠨᠢᠭᠡ ᠠᠯᠬᠤᠮ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ᠂ ᠡᠯ᠎ᠡ ᠭᠠᠵᠠᠷ ᠤᠨ ᠡᠯ᠎ᠡ ᠰᠠᠯᠠᠭ᠎ᠠ ᠮᠥᠴᠢᠷ ᠤᠨ ᠬᠢᠨ ᠰᠤᠷᠤᠭᠴᠢᠳ ᠤᠨ ᠤᠰᠤᠨ ᠳᠤ ᠠᠳᠡᠬᠦ ᠶᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ ᠤᠰᠤᠨ ᠣᠷᠣᠨ ᠤ ᠬᠠᠷᠢᠶ᠎ᠠ ᠭᠠᠵᠠᠷ ᠤᠨ ︽ᠭᠤᠣᠯᠴᠢᠯᠠᠨ ᠬᠠᠮᠢᠶᠠᠷᠬᠤ ᠦᠢᠯᠡᠳᠦᠯ︾ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ︽ᠬᠢᠨᠠᠨ ᠬᠠᠮᠢᠶᠠᠷᠬᠤ ᠦᠢᠯᠡᠳᠦᠯ︾ ᠢ ᠭᠦᠢᠴᠡᠳ ᠪᠠᠳᠠᠷᠠᠭᠤᠯᠵᠤ᠂ ︽ᠬᠥᠮᠦᠨ︾ ᠪᠣᠯᠤᠨ ︽ᠤᠰᠤ︾ ᠭᠡᠬᠦ ᠬᠤᠶᠠᠷ ᠵᠠᠩᠭᠢᠯᠠᠭ᠎ᠠ ᠶᠢᠨ ᠲᠣᠭᠤᠷᠢᠨ ᠳᠤ᠂ ᠭᠤᠣᠯᠳᠠᠯᠭ᠎ᠠ ᠲᠠᠢ ᠤᠰᠤᠨ ᠣᠷᠣᠨ ᠪᠣᠯᠤᠨ ᠠᠶᠤᠯ ᠲᠠᠢ ᠵᠠᠮ ᠤᠨ ᠬᠡᠰᠡᠭ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠰᠤᠷᠤᠭᠴᠢᠳ ᠤᠨ ᠰᠤᠷᠭᠠᠭᠤᠯᠢ ᠳᠤ ᠣᠴᠢᠬᠤ ᠪᠤᠶᠤ ᠭᠡᠷ ᠲᠤ ᠪᠠᠨ ᠬᠠᠷᠢᠬᠤ ᠵᠠᠮ ᠳᠤ ᠪᠠᠨ ᠥᠩᠭᠡᠷᠡᠬᠦ ᠪᠤᠢ ᠪᠦᠬᠦᠢ ᠭᠤᠣᠯᠳᠠᠯᠭ᠎ᠠ ᠲᠠᠢ ᠤᠰᠤᠨ ᠣᠷᠣᠨ ᠪᠣᠯᠤᠨ ᠠᠶᠤᠯ ᠲᠠᠢ ᠵᠠᠮ ᠤᠨ ᠬᠡᠰᠡᠭ ᠲᠤ ᠠᠮᠤᠷ ᠲᠦᠪᠰᠢᠨ ᠤ ᠰᠡᠷᠡᠮᠵᠢ ᠶᠢᠨ ᠲᠡᠮᠳᠡᠭ ᠫᠠᠶᠢᠰᠠ ᠪᠠᠶᠢᠷᠢᠯᠠᠭᠤᠯᠤᠨ᠂ ᠠᠮᠤᠷ ᠲᠦᠪᠰᠢᠨ ᠤ ᠳᠤᠰᠠᠭᠠᠷᠯᠠᠬᠤ ᠪᠦᠰᠡ᠂ ᠬᠠᠮᠠᠭᠠᠯᠠᠬᠤ ᠬᠡᠷᠡᠰᠬᠡ ᠶᠢ ᠪᠠᠶᠢᠭᠤᠯᠵᠤ᠂ ᠰᠤᠷᠭᠠᠭᠤᠯᠢ ᠶᠢᠨ ︽ᠬᠥᠮᠦᠨ ᠬᠥᠮᠦᠵᠢᠭᠦᠯᠬᠦ︾᠂ ᠭᠡᠷ ᠤᠨ ᠠᠬᠠᠮᠠᠳ ᠤᠨ ︽ᠬᠥᠮᠦᠨ ᠬᠠᠮᠢᠶᠠᠷᠬᠤ︾᠂ ᠰᠠᠯᠠᠭ᠎ᠠ ᠮᠥᠴᠢᠷ ᠤᠨ ︽ᠤᠰᠤ ᠬᠠᠮᠢᠶᠠᠷᠬᠤ︾ ᠶᠢ ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠵᠦ᠂ ︽ᠣᠯᠠᠨ ᠳᠠᠪᠬᠤᠷ ᠬᠠᠯᠬᠠᠪᠴᠢ︾ ᠶᠢ ᠦᠨᠡᠨ ᠬᠦ ᠪᠠᠬᠢᠵᠢᠭᠦᠯᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠥᠳᠡᠯᠦᠯᠴᠡᠬᠦ᠂ ᠣᠯᠠᠨ ᠢᠶᠠᠷ ᠰᠡᠷᠭᠡᠶᠢᠯᠡᠵᠦ ᠣᠯᠠᠨ ᠢᠶᠠᠷ ᠡᠵᠡᠮᠳᠡᠬᠦ ᠬᠦᠴᠦᠷᠬᠡᠭ ᠶᠡᠭᠡ ᠬᠠᠮ ᠬᠦᠴᠦᠨ ᠢ ᠦᠨᠡᠨ ᠬᠦ ᠪᠣᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃       ᠥᠪᠡᠷᠲᠡᠭᠡᠨ ᠵᠠᠰᠠᠬᠤ ᠣᠷᠣᠨ ᠪᠣᠯᠤᠨ ᠡᠯ᠎ᠡ ᠠᠶᠢᠮᠠᠭ ᠬᠤᠲᠠ ᠶᠢᠨ ᠬᠤᠶᠠᠷ ᠱᠠᠲᠤᠨ ᠤ ᠰᠤᠷᠭᠠᠨ ᠬᠥᠮᠦᠵᠢᠯ᠂ ᠤᠬᠠᠭᠤᠯᠭ᠎ᠠ᠂ ᠤᠯᠤᠰ ᠲᠥᠷᠥ ᠬᠠᠤᠯᠢ ᠴᠠᠭᠠᠵᠠ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠢ᠂ ᠰᠣᠶᠣᠯ ᠪᠠ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ