ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠡᠷᠡᠮᠵᠢᠯᠡᠭᠦᠯᠬᠦ ᠬᠥᠮᠦᠵᠢᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠠ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠢ ᠡᠷᠬᠢᠯᠡᠪᠡ
ᠨᠡᠶᠢᠲᠡᠯᠡᠭᠰᠡᠨ ᠴᠠᠭ᠄
2024/6/25
       ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠡᠷᠡᠮᠵᠢᠯᠡᠭᠦᠯᠬᠦ ᠬᠥᠮᠦᠵᠢᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠠ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠪᠦᠬᠦ ᠨᠠᠮ ᠤᠨ ᠭᠡᠰᠢᠭᠦᠨ ᠺᠠᠳ᠋ᠷᠴᠤᠳ ᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠶᠡᠷᠦᠩᠬᠡᠶᠢᠯᠡᠭᠰᠡᠨ ᠪᠠᠲᠤᠯᠠᠭᠠᠨ ᠤ ᠲᠥᠪ ᠤᠨ ᠡᠷᠬᠢᠯᠡᠭᠴᠢ ᠸᠠᠩ ᠵᠢᠶᠦ᠋ᠨ ᠵᠢᠶᠧ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃        ᠶᠠᠩ ᠵᠢᠶᠧ ᠨᠠᠮ ᠤᠨ ᠬᠢᠴᠢᠶᠡᠯ ᠣᠷᠣᠬᠤ ᠶᠠᠪᠤᠴᠠ ᠳᠤ ᠵᠠᠭᠤᠨ ᠵᠢᠯ ᠤᠨ ᠲᠤᠷᠰᠢᠬᠢ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠥᠩᠭᠡᠷᠡᠯᠲᠡ ᠶᠢ ᠡᠷᠭᠢᠴᠡᠭᠦᠯᠵᠦ᠂ ᠣᠶᠢᠷ᠎ᠠ ᠶᠢᠨ ᠵᠢᠯ ᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠬᠦᠷᠢᠶᠡᠨ ᠤ ᠨᠠᠮ ᠤᠨ ᠭᠡᠰᠢᠭᠦᠨ ᠺᠠᠳ᠋ᠷᠴᠤᠳ ᠤᠨ ︽ᠵᠢᠷᠭᠤᠭᠠᠨ ᠶᠡᠭᠡ ᠰᠠᠬᠢᠯᠭ᠎ᠠ  ᠪᠠᠲᠤ︾ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠡᠮᠬᠢᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠲᠤᠬᠠᠢ ᠳᠠᠬᠢᠨ ᠪᠠᠶᠢᠷᠢᠯᠠᠭᠤᠯᠪᠠ᠃ ᠬᠤᠷᠠᠯ ᠠᠴᠠ᠂ ᠪᠦᠬᠦ ᠨᠠᠮ ᠤᠨ ᠭᠡᠰᠢᠭᠦᠨ ᠺᠠᠳ᠋ᠷ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ ᠤᠯᠤᠰ ᠲᠥᠷᠥ ᠶᠢᠨ ᠰᠠᠬᠢᠯᠭ᠎ᠠ ᠪᠠᠲᠤ ᠪᠣᠯᠤᠨ ᠤᠯᠤᠰ ᠲᠥᠷᠥ ᠶᠢᠨ ᠶᠣᠰᠣ ᠳᠦᠷᠢᠮ ᠢ ᠵᠢᠷᠤᠮᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠪᠠᠶᠢᠯᠳᠤᠬᠤ ᠪᠣᠳᠣᠯᠭ᠎ᠠ ᠶᠢᠨ ᠰᠡᠳᠬᠢᠮᠵᠢ ᠪᠠᠨ ᠲᠠᠰᠤᠷᠠᠯᠲᠠ ᠦᠭᠡᠢ ᠴᠢᠩᠭᠠᠳᠬᠠᠨ᠂ ᠦᠵᠦ ᠲᠥᠯᠥᠪᠯᠡᠭᠡ ᠶᠢ ᠴᠢᠩᠭᠠᠳᠬᠠᠵᠤ᠂ ᠤᠬᠠᠮᠰᠠᠷ ᠠᠴᠠ ᠪᠠᠨ ᠰᠡᠷᠡᠮᠵᠢᠯᠡᠭᠦᠯᠬᠦ ᠬᠥᠮᠦᠵᠢᠯ ᠢ ᠨᠠᠮ ᠪᠣᠯᠤᠨ ᠤᠯᠤᠰ ᠤᠨ ᠠᠵᠢᠯ ᠦᠢᠯᠡᠰ ᠤᠨ ︽ᠲᠣᠮᠤ ᠰᠢᠲᠠᠷ᠎ᠠ ᠶᠢᠨ ᠬᠥᠯᠭᠡ︾ ᠳᠤ ᠠᠭᠤᠰᠬᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ︽ᠲᠣᠮᠤ ᠰᠠᠭᠰᠤ︾ ᠳᠤ ᠠᠭᠤᠰᠬᠠᠵᠤ᠂ ᠪᠠᠶᠢᠷᠢᠰᠢᠯ ᠢ ᠣᠨᠣᠪᠴᠢᠲᠠᠢ ᠣᠯᠵᠤ᠂ ᠠᠵᠠ ᠲᠣᠬᠢᠶᠠᠯ ᠢ ᠠᠮᠵᠢᠨ᠂ ᠳᠤᠲᠠᠭᠤᠳᠠᠯ ᠢᠶᠠᠨ ᠨᠥᠬᠦᠪᠥᠷᠢᠯᠡᠬᠦ ᠬᠡᠷᠡᠭᠲᠡᠢ᠃ ᠰᠤᠷᠤᠯᠴᠠᠯᠭ᠎ᠠ ᠦᠢᠯᠡᠳᠦᠯᠭᠡ ᠪᠠᠨ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠂ ᠨᠠᠮ ᠤᠨ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠳᠦᠷᠢᠮ︾ ᠢ ᠨᠠᠷᠢᠨ ᠬᠢᠨᠠᠮᠠᠭᠠᠢ ᠰᠤᠷᠤᠯᠴᠠᠵᠤ᠂ ᠤᠭ ᠶᠣᠰᠤ ᠪᠠᠷ ᠨᠢ ᠰᠤᠷᠤᠯᠴᠠᠵᠤ᠂ ᠳᠦᠷᠢᠮ ᠲᠣᠭᠲᠠᠭᠠᠯ ᠳᠠᠷᠠᠭᠠᠯᠠᠨ ᠰᠤᠷᠤᠯᠴᠠᠵᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠨ᠂ ᠰᠠᠬᠢᠯᠭ᠎ᠠ ᠪᠠᠲᠤ ᠶᠢᠨ ᠬᠢᠵᠠᠭᠠᠷᠯᠠᠯ ᠳᠣᠣᠷ᠎ᠠ ᠠᠵᠢᠯᠯᠠᠵᠤ᠂ ᠰᠤᠷᠤᠯᠴᠠᠭᠰᠠᠨ ᠦᠷ᠎ᠡ ᠪᠦᠲᠦᠭᠡᠯ ᠢ ᠦᠨᠡᠨ ᠬᠦ ᠠᠵᠢᠯ ᠢᠶᠠᠨ ᠲᠥᠯᠥᠪᠵᠢᠭᠦᠯᠬᠦ ᠰᠡᠳᠬᠢᠮᠵᠢ᠂ ᠠᠵᠢᠯ ᠢᠶᠠᠨ ᠠᠬᠢᠭᠤᠯᠬᠤ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠦᠬᠦ ᠵᠢᠯ ᠤᠨ ᠬᠠᠷᠠᠯᠲᠠ ᠪᠠ ᠡᠭᠦᠷᠭᠡ ᠲᠠᠢ ᠬᠠᠷᠢᠴᠠᠭᠤᠯᠤᠨ᠂ ᠰᠠᠭᠤᠷᠢ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠵᠡᠷᠭᠡ ᠭᠤᠷᠪᠠᠨ ᠶᠡᠭᠡ ᠭᠤᠣᠯᠳᠠᠯᠭ᠎ᠠ ᠲᠠᠢ ᠬᠡᠰᠡᠭ ᠢ ᠴᠢᠩᠭ᠎ᠠ ᠠᠩᠬᠠᠷᠴᠤ᠂ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠵᠡᠷᠭᠡ ᠰᠤᠷᠲᠠᠯ ᠤᠨ ᠳᠠᠯᠳᠠ ᠭᠡᠮ ᠢ ᠡᠷᠡᠰ ᠲᠡᠪᠴᠢᠵᠦ᠂ ᠳᠠᠷᠤᠢ ᠳᠤ ᠨᠢ ᠬᠡᠷᠡᠭᠵᠢᠭᠦᠯᠵᠦ᠂ ᠴᠢᠩᠭ᠎ᠠ ᠠᠳᠬᠤᠨ ᠲᠦᠷᠭᠡᠨ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ᠂ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠱᠠᠭᠠᠷᠳᠠᠪᠠ᠃       ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠳᠠᠭᠤᠰᠤᠭᠰᠠᠨ ᠤ ᠳᠠᠷᠠᠭ᠎ᠠ᠂ ᠳᠡᠳ᠋ ᠭᠠᠵᠠᠷ ᠤᠨ ᠳᠡᠰ ᠠᠴᠠ ᠳᠡᠭᠡᠭᠰᠢᠬᠢ ᠨᠠᠮ ᠤᠨ ᠭᠡᠰᠢᠭᠦᠨ ᠺᠠᠳ᠋ᠷ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠰᠠᠬᠢᠯᠭ᠎ᠠ ᠪᠠᠲᠤ ᠪᠠ ᠶᠣᠰᠣ ᠳᠦᠷᠢᠮ ᠢ ᠲᠡᠷᠢᠭᠦᠨ ᠳᠤ ᠲᠠᠯᠪᠢᠬᠤ ᠬᠡᠷᠡᠭᠲᠡᠢ︾ ᠶᠢ ᠲᠥᠪᠯᠡᠷᠡᠭᠦᠯᠦᠨ ᠦᠵᠡᠪᠡ᠃ ᠲᠢᠩᠬᠢᠮ ᠤᠨ ᠤᠳᠤᠷᠢᠳᠬᠤ ᠪᠠᠭ  ᠤᠨ ᠬᠡᠰᠢᠭᠦᠨ᠂ ᠲᠣᠭᠤᠷᠢᠨ ᠪᠠᠶᠢᠴᠠᠭᠠᠭᠴᠢ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠲᠢᠩᠬᠢᠮ ᠤᠨ ᠪᠠᠶᠢᠭᠤᠯᠭ᠎ᠠ ᠶᠢᠨ ᠪᠦᠬᠦ ᠨᠠᠮ ᠤᠨ ᠭᠡᠰᠢᠭᠦᠨ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠳᠡᠳ᠋ ᠭᠠᠵᠠᠷ ᠤᠨ ᠳᠡᠰ ᠠᠴᠠ ᠳᠡᠭᠡᠭᠰᠢᠬᠢ ᠨᠠᠮ ᠤᠨ ᠭᠡᠰᠢᠭᠦᠨ ᠬᠤᠷᠠᠯ ᠳᠤ ᠣᠷᠣᠯᠴᠠᠪᠠ᠃    
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ