ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠱᠠᠭᠠᠷᠳᠠᠨ ᠪᠠᠶᠢᠴᠠᠭᠠᠬᠤ ᠳᠤᠭᠤᠶᠢᠯᠠᠩ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ ᠬᠦᠷᠴᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠢ ᠲᠤᠰᠬᠠᠢ ᠲᠦᠷᠦᠯ ᠢᠶᠠᠷ ᠱᠠᠭᠠᠷᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2024/6/26
       6 ᠰᠠᠷ᠎ᠠ ᠶᠢᠨ 19 ᠤ ᠡᠳᠦᠷ ᠠᠴᠠ 6 ᠰᠠᠷ᠎ᠠ ᠶᠢᠨ 20 ᠤ ᠡᠳᠦᠷ ᠪᠣᠯᠲᠠᠯ᠎ᠠ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠪᠦᠯᠬᠦᠮ ᠳᠠᠭᠠᠭᠤᠯᠤᠨ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ ᠬᠦᠷᠴᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠱᠠᠭᠠᠷᠳᠠᠨ ᠪᠠᠶᠢᠴᠠᠭᠠᠪᠠ᠃       ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠬᠢᠨ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ 2021 ᠣᠨ - 2022 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠲᠣᠭᠤᠷᠢᠭ ᠲᠤ ᠭᠦᠨᠵᠡᠭᠡᠶᠢᠷᠡᠵᠦ᠂ ᠲᠥᠷᠥᠯ ᠵᠦᠢᠯ ᠤᠨ ᠲᠣᠭᠤᠷᠢᠭ ᠤᠨ ᠤᠰᠤᠯᠠᠯᠲᠠ ᠪᠠ ᠤᠰᠤ ᠵᠠᠯᠠᠬᠤ ᠢᠨᠵᠧᠨᠧᠷᠢᠩ᠂ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ᠂ ᠲᠠᠷᠢᠶᠠᠨ ᠭᠠᠵᠠᠷ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠪᠠ ᠲᠠᠷᠢᠶᠠᠨ ᠭᠠᠵᠠᠷ ᠤᠨ ᠵᠠᠮ ᠵᠡᠷᠭᠡ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠪᠠ᠃ ᠡᠭᠦᠨ ᠤ ᠬᠠᠮᠲᠤ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠴᠢᠭᠯᠡᠭᠦᠯᠦᠨ ᠬᠠᠨᠳᠤᠯᠭᠠᠲᠤ ᠴᠢᠨᠠᠷᠲᠠᠢ ᠵᠢᠯᠤᠭᠤᠳᠬᠤ ᠰᠠᠨᠠᠯ ᠳᠤᠷᠠᠳᠴᠤ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠣᠨ ᠤᠯᠤᠰ ᠤᠨ ᠴᠠᠬᠢᠯᠭᠠᠨ ᠲᠣᠣᠷ ᠤᠨ ᠴᠠᠬᠢᠯᠭᠠᠨ ᠬᠠᠩᠭᠠᠬᠤ ᠺᠣᠮᠫᠠᠨᠢ ᠲᠠᠢ ᠨᠡᠪᠲᠡᠷᠡᠯᠴᠡᠨ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠬᠤ ᠶᠢ ᠰᠢᠮᠳᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠶᠢ ᠭᠦᠨᠵᠡᠭᠡᠢ ᠵᠠᠳᠠᠯᠬᠤ ᠶᠢ ᠰᠢᠮᠳᠠᠭᠤᠯᠵᠤ᠂ ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠥᠷᠥᠯ ᠵᠦᠢᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠳᠣ ᠬᠤᠭᠤᠴᠠᠭ᠎ᠠ ᠪᠠᠷ ᠦᠷ᠎ᠡ ᠠᠰᠢᠭ ᠤᠯᠬᠤ ᠶᠢ ᠪᠠᠲᠤᠯᠠᠬᠤ ᠪᠣᠯᠤᠨ᠎ᠠ᠃     
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ