ᠬᠠᠭᠤᠴᠢᠨ ᠪᠠᠷᠭᠤ ᠬᠤᠰᠢᠭᠤ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠳᠤᠯᠬᠤ ᠦᠷ᠎ᠡ ᠪᠦᠲᠦᠭᠡᠯ ᠢ ᠪᠠᠬᠢᠵᠢᠬᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/26
       6 ᠰᠠᠷ᠎ᠠ ᠶᠢᠨ 23 ᠤ ᠡᠳᠦᠷ᠂ ᠬᠠᠭᠤᠴᠢᠨ ᠪᠠᠷᠭᠤ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠲᠤᠯᠢ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠬᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠳᠤᠯᠬᠤ ᠦᠷ᠎ᠡ ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃ 
20240626-2-1.jpg
       ᠬᠤᠷᠠᠯ ᠠᠴᠠ᠂ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠲᠤᠯᠬᠤ ᠦᠷ᠎ᠡ ᠪᠦᠲᠦᠭᠡᠯ ᠢ ᠪᠠᠬᠢᠵᠢᠬᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠨᠠᠭᠰᠢᠳᠠ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠬᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠬᠡᠵᠦ ᠴᠢᠩᠭᠠᠤᠨᠬᠠᠪᠠ᠃       ᠬᠤᠷᠠᠯ ᠠᠴᠠ᠂ ᠤᠯᠤᠰ ᠤᠨ ᠬᠢᠨᠠᠨ ᠰᠢᠯᠭᠠᠵᠤ ᠦᠨᠡᠯᠡᠨ ᠵᠢᠱᠢᠬᠦ ᠳᠤ ᠬᠠᠷᠢᠭᠤ ᠲᠤᠰᠬᠠᠭᠰᠠᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠬᠥᠮᠥᠷᠭᠡ ᠶᠢ ᠴᠡᠪᠡᠷᠯᠡᠨ ᠴᠡᠭᠴᠡᠯᠡᠬᠦ ᠶᠢ ᠠᠬᠢᠭᠤᠯᠬᠤ ᠬᠡᠷᠡᠭᠲᠡᠶ᠃ ᠠᠰᠠᠭᠤᠳᠠᠯ ᠤᠨ ᠨᠠᠷᠢᠨ ᠲᠠᠩᠰᠠ ᠲᠠᠢ ᠬᠠᠷᠢᠴᠠᠭᠤᠯᠵᠤ᠂ ᠠᠰᠠᠭᠤᠳᠠᠯ ᠤᠨ ᠡᠭᠦᠰᠦᠭᠰᠡᠨ ᠦᠨᠳᠦᠰᠦ ᠰᠤᠷᠪᠤᠯᠵᠢ ᠶᠢ ᠭᠦᠨᠵᠡᠭᠡᠢ ᠵᠠᠳᠠᠯᠵᠤ᠂ ᠠᠳᠠᠯᠢ ᠲᠦᠷᠦᠯ ᠤᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠲᠦᠷᠢᠮ ᠢ ᠲᠡᠭᠦᠯᠳᠡᠷᠵᠢᠭᠦᠯᠦᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ︽ᠣᠳᠣᠬᠠᠨ ᠳᠤ ᠥᠭᠡᠷᠡᠴᠢᠯᠡᠬᠦ︾ ᠪᠠ ︽ᠤᠷᠳᠤ ᠬᠤᠭᠤᠴᠠᠭ᠎ᠠ ᠪᠠᠷ ᠪᠠᠶᠢᠭᠤᠯᠬᠤ︾ ᠶᠢ ᠤᠶᠠᠯᠳᠤᠭᠤᠯᠵᠤ᠂ ᠨᠢᠭᠡ ᠠᠰᠠᠭᠤᠳᠠᠯ ᠢ ᠰᠢᠢᠳᠪᠦᠷᠢᠯᠡᠬᠦ᠂ ᠨᠢᠭᠡ ᠪᠦᠯᠦᠭ ᠳᠤᠲᠠᠭᠤᠳᠠᠯ ᠢ ᠨᠥᠬᠦᠪᠥᠷᠢᠯᠡᠬᠦ᠂ ᠨᠢᠭᠡ ᠢᠵᠢ ᠲᠦᠷᠢᠮ ᠢ ᠲᠡᠭᠦᠯᠳᠡᠷᠵᠢᠭᠦᠯᠬᠦ ᠶᠢ ᠪᠡᠶᠡᠯᠡᠭᠦᠯᠬᠦ ᠬᠡᠷᠡᠭᠲᠡᠢ᠃ ᠠᠰᠠᠭᠤᠳᠠᠯ ᠢ ᠴᠢᠩᠭ᠎ᠠ ᠠᠩᠬᠠᠷᠴᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ︽ᠡᠳᠦᠷ ᠲᠤ ᠲᠤᠬᠢᠷᠠᠭᠤᠯᠬᠤ᠂ ᠰᠠᠷ᠎ᠠ ᠳᠤ ᠮᠡᠳᠡᠭᠳᠡᠬᠦ︾ ᠠᠵᠢᠯ ᠤᠨ ᠲᠣᠭᠲᠠᠴᠠ ᠪᠠᠷ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠲᠤᠯᠬᠤ ᠦᠷ᠎ᠡ ᠪᠦᠲᠦᠭᠡᠯ ᠢ ᠪᠠᠬᠢᠵᠢᠬᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠠᠵᠢᠯ ᠤᠨ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠨᠢᠭᠲᠠ ᠤᠶᠠᠯᠳᠤᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠬᠡᠵᠦ ᠱᠠᠭᠠᠷᠳᠠᠪᠠ᠃
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ