ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠮᠡᠳᠡᠯᠭᠡ ᠶᠢᠨ ᠰᠢᠰᠲ᠋ᠧᠮ ᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2024/6/26
       ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠮᠡᠳᠡᠯᠭᠡ ᠶᠢᠨ ᠰᠢᠰᠲ᠋ᠧᠮ ᠢ ᠪᠠᠶᠢᠭᠤᠯᠬᠤ ᠪᠣᠯ ᠴᠠᠭ ᠦᠶ᠎ᠡ ᠠᠴᠠ ᠳᠤᠮᠳᠠᠳᠤ ᠤᠯᠤᠰ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠳᠤ ᠣᠯᠭᠤᠭᠰᠠᠨ ᠴᠢᠬᠤᠯᠠ ᠰᠣᠶᠣᠯ ᠤᠨ ᠡᠭᠦᠷᠭᠡ ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠮᠡᠳᠡᠯᠭᠡ ᠶᠢᠨ ᠰᠢᠰᠲ᠋ᠧᠮ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠭᠳᠠᠬᠤᠨ᠂ ᠤᠨᠤᠯ᠂ ᠠᠷᠭ᠎ᠠ ᠵᠡᠷᠭᠡ ᠶᠢᠨ ᠣᠷᠭᠠᠨᠢᠭ ᠤᠶᠠᠯᠳᠤᠯ ᠮᠥᠨ᠃ ᠡᠭᠦᠨ ᠤ ᠵᠣᠷᠢᠯᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠡᠦᠬᠡ ᠶᠢ ᠭᠦᠨᠵᠡᠭᠡᠢ ᠰᠤᠳᠤᠯᠤᠭᠰᠠᠨ ᠰᠠᠭᠤᠷᠢᠨ ᠳᠡᠭᠡᠷ᠎ᠡ ᠰᠠᠭᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠮᠡᠳᠡᠯᠭᠡ ᠶᠢᠨ ᠪᠣᠷᠣ ᠲᠥᠰᠥᠪ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠬᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠬᠤ ᠶᠢᠨ ᠲᠥᠯᠥᠭᠡ ᠶᠤᠮ᠃       ᠳᠤᠮᠳᠠᠳᠤ ᠤᠯᠤᠰ ᠤᠨ ᠪᠡᠶ᠎ᠡ ᠪᠠᠨ ᠳᠠᠭᠠᠭᠠᠭᠰᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠡᠷᠳᠡᠮ ᠰᠢᠨᠵᠢᠯᠡᠭᠡᠨ ᠤ ᠰᠤᠳᠤᠯᠭᠠᠨ ᠳᠤ ᠲᠠᠰᠤᠷᠠᠯᠲᠠ ᠦᠭᠡᠢ ᠰᠢᠪᠲᠤᠯᠤᠯᠲᠠ ᠭᠠᠷᠭᠠᠬᠤ ᠶᠢ ᠱᠠᠭᠠᠷᠳᠠᠵᠤ᠂ ᠳᠤᠮᠳᠠᠳᠤ ᠶᠢᠨ ᠪᠣᠯᠪᠠᠰᠤᠨ ᠤ ᠲᠣᠪᠤᠶᠢᠮ᠎ᠠ ᠣᠨᠴᠠᠯᠢᠭ ᠢ ᠭᠦᠨᠵᠡᠭᠡᠢ ᠡᠵᠡᠮᠰᠢᠵᠦ᠂ ᠳᠤᠮᠳᠠᠳᠤ ᠤᠯᠤᠰ ᠢᠶᠠᠷ ᠦᠵᠡᠮᠦᠷᠢ ᠪᠠᠨ ᠪᠣᠯᠭᠠᠵᠤ᠂ ᠴᠠᠭ ᠦᠶ᠎ᠡ ᠪᠠᠷ ᠦᠵᠡᠮᠦᠷᠢ ᠪᠠᠨ ᠪᠣᠯᠭᠠᠵᠤ᠂ ᠳᠤᠮᠳᠠᠳᠤ ᠤᠯᠤᠰ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠳᠤᠮᠳᠠᠳᠤ ᠤᠯᠤᠰ ᠤᠨ ᠠᠰᠠᠭᠤᠳᠠᠯ ᠢ ᠰᠢᠢᠳᠪᠦᠷᠢᠯᠡᠵᠦ᠂ ᠵᠠᠯᠭᠠᠮᠵᠢᠯᠠᠬᠤ ᠴᠢᠨᠠᠷ ᠪᠠ ᠦᠨᠳᠦᠰᠦᠲᠡᠨ ᠤ ᠴᠢᠨᠠᠷ᠂ ᠠᠩᠬᠠᠨ ᠤ ᠡᠭᠦᠳᠦᠯᠲᠡ ᠶᠢᠨ ᠴᠢᠨᠠᠷ ᠪᠠ ᠴᠠᠭ ᠦᠶᠡᠴᠢ ᠴᠢᠨᠠᠷ ᠂ ᠰᠢᠰᠲ᠋ᠧᠮᠲᠦ ᠴᠢᠨᠠᠷ ᠪᠠ ᠲᠤᠰᠬᠠᠢ ᠮᠡᠷᠭᠡᠵᠢᠯ ᠤᠨ ᠴᠢᠨᠠᠷ ᠢ ᠨᠢᠭᠡᠳᠬᠡᠭᠰᠡᠨ ᠦᠭᠡ ᠶᠠᠷᠢᠶᠠᠨ ᠤ ᠰᠢᠰᠲ᠋ᠧᠮ ᠢ ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ᠂ ᠳᠤᠮᠳᠠᠳᠤ ᠤᠯᠤᠰ ᠤᠨ ᠬᠡᠪ ᠨᠠᠮᠪᠠ ᠲᠠᠢ᠂ ᠳᠤᠮᠳᠠᠳᠤ ᠤᠯᠤᠰ ᠤᠨ ᠴᠤᠭ ᠰᠦᠯᠳᠡ ᠲᠠᠢ ᠤᠨᠤᠯ ᠤᠨ ᠰᠢᠰᠲ᠋ᠧᠮ ᠢ ᠡᠭᠦᠳᠦᠨ ᠪᠠᠶᠢᠭᠤᠯᠤᠨ᠎ᠠ᠃       ᠣᠲᠣ᠂ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠷᠠᠯᠲᠠ ᠲᠦᠷᠭᠡᠨ ᠬᠤᠪᠢᠰᠴᠤ᠂ ᠮᠠᠨ ᠤ ᠤᠯᠤᠰ ᠶᠠᠭ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ᠂ ᠡᠷᠬᠡᠪᠰᠢ ᠪᠦᠬᠦ ᠪᠥᠮᠪᠥᠷᠴᠡᠭ ᠤᠨ ᠤᠯᠤᠰ ᠲᠥᠷᠥ ᠠᠵᠤ ᠠᠬᠤᠢ ᠶᠢᠨ ᠣᠷᠴᠢᠨ ᠲᠣᠭᠤᠷᠢᠨ ᠤ ᠬᠤᠪᠢᠷᠠᠯᠲᠠ ᠶᠢ ᠭᠦᠨᠵᠡᠭᠡᠢ ᠡᠵᠡᠮᠳᠡᠵᠦ᠂ ᠲᠤᠰ ᠪᠡᠶ᠎ᠡ ᠶᠢᠨ ᠮᠡᠳᠡᠯᠭᠡ ᠶᠢᠨ ᠵᠠᠭᠠᠭ ᠬᠢᠵᠠᠭᠠᠷ ᠢᠶᠠᠨ ᠥᠷᠭᠡᠳᠬᠡᠵᠦ᠂ ᠲᠤᠰ ᠭᠠᠵᠠᠷ ᠣᠷᠣᠨ ᠤ ᠮᠡᠳᠡᠯᠭᠡ ᠶᠢᠨ ᠪᠣᠷᠣ ᠲᠥᠯᠥᠪ ᠤᠨ ᠰᠢᠨ᠎ᠡ ᠶᠢ ᠡᠭᠦᠳᠴᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠬᠠᠷᠠᠯᠲᠠ ᠪᠣᠯᠣᠨ ᠪᠦᠲᠦᠭᠡᠨ ᠪᠠᠶᠢᠭᠤᠯᠤᠯᠲᠠ ᠶᠢᠨ ᠵᠢᠭᠠᠬᠤ ᠴᠡᠭ ᠨᠡᠩ ᠰᠠᠶᠢᠨ ᠵᠣᠬᠢᠴᠠᠬᠤ ᠬᠡᠷᠡᠭᠳᠡᠢ᠃       ᠳᠤᠮᠳᠠᠳᠤ ᠤᠯᠤᠰ ᠤᠨ ᠲᠣᠰ ᠪᠡᠶ᠎ᠡ ᠶᠢᠨ ᠥᠭᠡᠷᠡᠴᠢᠯᠡᠯᠲᠡ ᠬᠥᠭᠵᠢᠯᠲᠡ ᠶᠢᠨ ᠦᠢᠯᠡᠳᠦᠯᠭᠡ ᠠᠴᠠ ᠰᠢᠨ᠎ᠡ ᠮᠠᠲ᠋ᠧᠷᠢᠶᠠᠯ ᠢ ᠠᠭᠤᠳᠠᠯᠵᠤ᠂ ᠰᠢᠨ᠎ᠡ ᠠᠰᠠᠭᠤᠳᠠᠯ ᠢ ᠢᠯᠡᠷᠡᠭᠦᠯᠵᠦ᠂ ᠰᠢᠨ᠎ᠡ ᠦᠵᠡᠯᠲᠡ ᠶᠢ ᠳᠤᠷᠠᠳᠤᠨ᠂ ᠰᠢᠨ᠎ᠡ ᠤᠨᠤᠯ ᠢ ᠪᠤᠢ ᠪᠣᠯᠭᠠᠵᠤ᠂ ᠨᠡᠶᠢᠭᠡᠮ ᠤᠨ ᠬᠥᠭᠵᠢᠯᠲᠡ ᠶᠢ ᠬᠥᠲᠥᠯᠥᠨ ᠳᠠᠭᠠᠭᠤᠯᠤᠨ᠎ᠠ᠃ ᠬᠤᠯᠪᠣᠭᠳᠠᠯ ᠪᠦᠬᠦᠢ ᠤᠬᠠᠭᠳᠠᠬᠤᠨ᠂ ᠨᠡᠷ᠎ᠡ ᠲᠣᠮᠢᠶ᠎ᠠ᠂ ᠦᠵᠡᠯᠲᠡ᠂ ᠦᠵᠡᠯ ᠰᠠᠨᠠᠭ᠎ᠠ᠂ ᠤᠨᠤᠯ᠂ ᠯᠣᠭᠢᠭ ᠢ ᠪᠦᠬᠦ ᠲᠠᠯ᠎ᠠ ᠪᠠᠷ ᠰᠢᠰᠲ᠋ᠧᠮ ᠲᠠᠢ ᠡᠮᠬᠢᠯᠡᠨ ᠲᠢᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠰᠢᠨᠵᠢᠯᠡᠬᠦ ᠤᠬᠠᠭᠠᠨ ᠹᠢᠽᠢᠺ ᠬᠢᠮᠢ ᠶᠢᠨ ᠲᠠᠶᠢᠯᠪᠤᠷᠢᠯᠠᠯᠲᠠ ᠬᠢᠬᠦ᠂ ᠡᠷᠳᠡᠮ ᠰᠢᠨᠵᠢᠯᠡᠭᠡᠨ ᠤ ᠬᠡᠯᠪᠡᠷᠢ ᠪᠠᠷ ᠢᠯᠡᠳᠬᠡᠬᠦ᠂ ᠤᠯᠠᠨ ᠲᠦᠮᠡᠨᠴᠢᠯᠡᠨ ᠤᠯᠠᠮᠵᠢᠯᠠᠬᠤ ᠶᠢ ᠪᠡᠶᠡᠯᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠠᠬᠢᠭᠤᠯᠤᠨ᠎ᠠ᠃ ᠦᠨᠳᠦᠰᠦᠲᠡᠨ ᠤ ᠴᠢᠨᠠᠷ᠂ ᠨᠤᠲᠤᠭ ᠤᠨ ᠴᠢᠨᠠᠷ ᠢ ᠢᠮᠠᠭᠲᠠ ᠪᠠᠷᠢᠮᠲᠠᠯᠠᠵᠤ᠂ ᠪᠡᠶᠡᠴᠢ ᠴᠣᠭᠴᠠ ᠶᠢᠨ ᠴᠢᠨᠠᠷ᠂ ᠠᠩᠬᠠᠨ ᠤ ᠡᠭᠦᠳᠦᠯᠲᠡ ᠶᠢᠨ ᠴᠢᠨᠠᠷ ᠢ ᠲᠠᠰᠤᠷᠠᠯᠳᠠ ᠦᠭᠡᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠲᠡᠦᠬᠡ ᠰᠣᠶᠣᠯ ᠢᠶᠠᠷ ᠰᠠᠭᠤᠷᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠦᠢᠯᠡᠳᠦᠯᠭᠡ ᠪᠠᠷ ᠰᠠᠭᠤᠷᠢ ᠪᠣᠯᠭᠠᠨ᠂ ᠳᠤᠮᠳᠠᠳᠤ ᠶᠢᠨ ᠪᠣᠯᠪᠠᠰᠤᠨ ᠢ ᠢᠯᠡᠷᠡᠭᠦᠯᠬᠦ ᠣᠶᠤᠨ ᠰᠠᠨᠠᠭᠠᠨ ᠤ ᠢᠯᠡᠳᠬᠡᠮᠵᠢ ᠲᠡᠮᠳᠡᠭ ᠪᠠ ᠰᠣᠶᠣᠯ ᠤᠨ ᠣᠭᠢ ᠰᠣᠳᠣ ᠶᠢ ᠪᠣᠯᠪᠠᠰᠤᠷᠠᠭᠤᠯᠵᠤ᠂ ᠮᠡᠳᠡᠯᠭᠡ ᠶᠢᠨ ᠦᠢᠯᠡᠳᠪᠦᠷᠢᠯᠡᠯ ᠤᠨ ᠲᠠᠯ᠎ᠠ ᠪᠠᠷ ᠦᠷᠭᠦᠯᠵᠢᠯᠡᠨ ᠰᠢᠨ᠎ᠡ ᠶᠢ ᠡᠭᠦᠳᠬᠦ ᠶᠢ ᠪᠡᠶᠡᠯᠡᠭᠦᠯᠦᠨ᠎ᠡ᠃ ᠳᠤᠮᠳᠠᠳᠤ ᠤᠯᠤᠰ ᠤᠨ ᠲᠡᠦᠬᠡᠨ ᠳᠤ ᠰᠠᠭᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠴᠢᠬᠤᠯᠠ ᠶᠡᠭᠡ ᠰᠠᠭᠤᠷᠢ ᠴᠢᠨᠠᠷᠲᠠᠢ ᠠᠰᠠᠭᠤᠳᠠᠯ ᠤᠨ ᠰᠤᠳᠤᠯᠭᠠᠨ ᠢ ᠭᠦᠨᠵᠡᠭᠡᠶᠢᠷᠡᠭᠦᠯᠦᠨ᠎ᠡ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠠᠴᠠ ᠦᠵᠡᠯ ᠰᠠᠨᠠᠭᠠᠨ ᠤ ᠡᠯᠧᠮᠧᠨ᠋ᠲ ᠢ ᠡᠷᠢᠵᠦ᠂ ᠳᠤᠮᠳᠠᠳᠤ ᠶᠢᠨ ᠦᠨᠳᠦᠰᠦᠲᠡᠨ ᠤ ᠡᠯᠪᠡᠭ ᠳᠡᠯᠪᠡᠭ ᠲᠡᠦᠬᠡ ᠶᠢᠨ ᠡᠬᠢ ᠪᠠᠶᠠᠯᠢᠭ ᠢᠶᠠᠷ ᠮᠡᠳᠡᠯᠭᠡ ᠶᠢᠨ ᠰᠢᠰᠲ᠋ᠧᠮ ᠤᠨ ᠪᠠᠶᠢᠭᠤᠯᠤᠯᠲᠠ ᠶᠢᠨ ᠴᠢᠬᠤᠯᠠ ᠰᠠᠭᠤᠷᠢ ᠪᠣᠯᠭᠠᠨ᠎ᠠ᠃       ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠠᠶᠠᠨᠳᠠᠭᠠᠨ ᠣᠷᠣᠰᠢᠵᠤ ᠪᠠᠶᠢᠭᠰᠠᠨ ᠠᠴᠠ ᠪᠠᠨ ᠤᠬᠠᠮᠰᠠᠷ ᠠᠴᠠ ᠪᠠᠨ ᠤᠯᠠᠷᠢᠨ ᠬᠤᠪᠢᠰᠬᠤ ᠶᠠᠪᠤᠴᠠ ᠶᠢ ᠰᠢᠰᠲ᠋ᠧᠮ ᠲᠠᠢ ᠡᠮᠬᠢᠯᠡᠵᠦ᠂ ᠲᠡᠭᠦᠨ ᠤ ᠪᠦᠷᠢᠯᠳᠦᠭᠰᠡᠨ ᠣᠨᠴᠠᠯᠢᠭ᠂ ᠬᠥᠭᠵᠢᠯᠲᠡ ᠶᠢᠨ ᠵᠢᠮ᠎ᠡ ᠶᠣᠰᠣ ᠶᠢ ᠳ᠋ᠦᠩᠨᠡᠨ ᠬᠤᠷᠢᠶᠠᠩᠭᠤᠶᠢᠯᠠᠵᠤ᠂ ᠲᠡᠦᠬᠡᠨ ᠬᠡᠷᠡᠭ ᠶᠠᠪᠤᠳᠠᠯ ᠢ ᠵᠠᠳᠠᠯᠵᠤ᠂ ᠰᠣᠶᠣᠯ ᠤᠨ ᠲᠣᠭᠲᠠᠴᠠ ᠶᠢᠨ ᠪᠤᠢ ᠪᠣᠯᠤᠭᠰᠠᠨ ᠰᠢᠯᠲᠠᠭᠠᠨ ᠢ ᠲᠠᠶᠢᠯᠪᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠠᠭᠤᠯᠤᠭᠳᠠᠬᠤᠨ ᠠᠭᠤᠯᠬᠤᠨ᠂ ᠮᠥᠨ ᠴᠢᠨᠠᠷ ᠤᠨ ᠣᠨᠴᠠᠯᠢᠭ ᠵᠢᠴᠢ ᠳᠤᠮᠳᠠᠳᠤ ᠶᠢᠨ ᠦᠨᠳᠦᠰᠦᠲᠡᠨ ᠤ ᠣᠲᠣ ᠦᠶ᠎ᠡ ᠶᠢᠨ ᠪᠣᠯᠪᠠᠰᠤᠨ ᠤ ᠪᠠᠶᠢᠭᠤᠯᠤᠯᠲᠠ ᠳᠠᠬᠢ ᠲᠦᠭᠡᠮᠡᠯ ᠥᠷᠲᠡᠭ ᠢ ᠣᠶᠢᠯᠠᠭᠠᠨ᠎ᠠ᠃ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢ ᠦᠷᠭᠦᠯᠵᠢᠯᠡᠨ ᠰᠤᠳᠤᠯᠵᠤ᠂ ᠦᠨᠳᠦᠰᠦᠲᠡᠨ ᠨᠦᠭᠦᠳ ᠤᠨ ᠠᠭᠤᠰᠤᠯᠴᠠᠯ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠪᠣᠯᠵᠤ ᠪᠦᠷᠢᠯᠳᠦᠭᠰᠡᠨ ᠲᠡᠦᠬᠡ ᠶᠢᠨ ᠪᠣᠳᠠᠲᠤ ᠶᠠᠪᠤᠳᠠᠯ ᠢ ᠭᠦᠨᠵᠡᠭᠡᠢ ᠰᠢᠨᠵᠢᠯᠡᠨ ᠰᠤᠳᠤᠯᠵᠤ᠂ ᠳᠤᠮᠳᠠᠳᠤ ᠶᠢᠨ ᠦᠨᠳᠦᠰᠦᠲᠡᠨ ᠤ ᠤᠯᠠᠨ ᠡᠰᠢᠲᠦ ᠨᠢᠭᠡ ᠴᠣᠭᠴᠠᠵᠢᠭᠰᠠᠨ ᠪᠠᠶᠢᠷᠢᠰᠢᠯ ᠤᠨ ᠪᠦᠷᠢᠯᠳᠦᠭᠰᠡᠨ ᠲᠡᠦᠬᠡ ᠶᠢᠨ ᠱᠠᠲᠤ᠂ ᠠᠬᠢᠭᠤᠯᠬᠤ ᠡᠯᠧᠮᠧᠨ᠋ᠲ᠂ ᠬᠥᠭᠵᠢᠯᠲᠡ ᠶᠢᠨ ᠰᠢᠯᠲᠠᠭᠠᠨ ᠢ ᠡᠵᠡᠮᠳᠡᠵᠦ᠂ ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠲᠤᠬᠠᠢ ᠲᠠᠨᠢᠯᠲᠠ ᠶᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠲᠤᠬᠠᠢ ᠮᠡᠳᠡᠷᠡᠮᠵᠢ ᠶᠢ ᠨᠡᠮᠡᠭᠳᠡᠭᠦᠯᠦᠨ᠎ᠡ᠃ ︽ᠳᠥᠷᠪᠡᠨ ᠬᠠᠮᠲᠤ ᠪᠠᠷ︾ ᠭᠡᠬᠦ ᠦᠵᠡᠯ ᠢᠶᠠᠨ ᠭᠦᠨᠵᠡᠭᠡᠢ ᠲᠠᠶᠢᠯᠪᠤᠷᠢᠯᠠᠵᠤ᠂ ᠦᠨᠳᠦᠰᠦᠲᠡᠨ ᠨᠦᠭᠦᠳ ᠤᠨ ᠥᠷᠭᠡᠨ ᠠᠭᠤᠳᠠᠮ ᠨᠤᠲᠤᠭ ᠳᠡᠪᠢᠰᠬᠡᠷ ᠢ ᠬᠠᠮᠲᠤ ᠪᠠᠷ ᠨᠡᠭᠡᠭᠡᠭᠰᠡᠨ ᠶᠠᠪᠤᠴᠠ ᠶᠢ ᠭᠦᠨᠵᠡᠭᠡᠢ ᠰᠤᠳᠤᠯᠵᠤ᠂ ᠦᠨᠳᠦᠰᠦᠲᠡᠨ ᠨᠦᠭᠦᠳ ᠤᠨ ᠥᠨᠢ ᠤᠳᠠᠭᠠᠨ ᠲᠡᠦᠬᠡ ᠶᠢ ᠬᠠᠮᠲᠤ ᠪᠠᠷ ᠪᠢᠴᠢᠭᠯᠡᠭᠰᠡᠨ ᠦᠯᠢᠭᠡᠷ ᠵᠢᠱᠢᠶ᠎ᠡ ᠶᠢ ᠠᠮᠢᠳᠤᠯᠢᠭ ᠢᠶᠠᠷ ᠳᠦᠷᠰᠦᠯᠡᠨ ᠲᠣᠭᠠᠴᠢᠵᠤ᠂ ᠦᠨᠳᠦᠰᠦᠲᠡᠨ ᠨᠦᠭᠦᠳ ᠤᠨ ᠭᠡᠷᠡᠯ ᠰᠠᠴᠤᠷᠠᠩᠭᠤᠢ ᠰᠣᠶᠣᠯ ᠢ ᠬᠠᠮᠲᠤ ᠪᠠᠷ ᠡᠭᠦᠳᠦᠨ ᠪᠦᠲᠦᠭᠡᠭᠰᠡᠨ ᠪᠣᠳᠠᠲᠤ ᠬᠡᠷᠡᠭ ᠢ ᠨᠠᠷᠢᠨ ᠨᠢᠮᠪᠠᠢ ᠡᠮᠬᠢᠯᠡᠵᠦ᠂ ᠦᠨᠳᠦᠰᠦᠲᠡᠨ ᠨᠦᠭᠦᠳ ᠤᠨ ᠠᠭᠤᠤ ᠶᠡᠭᠡ ᠵᠣᠷᠢᠭ ᠰᠠᠨᠠᠭ᠎ᠠ ᠶᠢ ᠬᠠᠮᠲᠤ ᠪᠠᠷ ᠪᠤᠢ ᠪᠣᠯᠭᠠᠭᠰᠠᠨ ᠶᠠᠪᠤᠴᠠ ᠶᠢ ᠭᠦᠨᠵᠡᠭᠡᠢ ᠲᠠᠶᠢᠯᠪᠤᠷᠢᠯᠠᠨ᠎ᠠ᠃ ᠦᠨᠳᠦᠰᠦᠲᠡᠨ ᠨᠦᠭᠦᠳ ᠤᠨ ᠬᠠᠮᠲᠤ ᠪᠠᠷ ᠪᠠᠶᠢᠬᠤ ᠬᠠᠮᠲᠤ ᠪᠠᠷ ᠡᠳ᠋ᠯᠡᠬᠦ ᠰᠣᠶᠣᠯ ᠤᠨ ᠭᠧᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠰᠣᠶᠣᠯ ᠤᠨ ᠢᠯᠡᠳᠬᠡᠮᠵᠢ ᠲᠡᠮᠳᠡᠭ ᠢ ᠭᠦᠢᠴᠡᠳ ᠠᠭᠤᠳᠠᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠶᠢ ᠠᠬᠢᠭᠤᠯᠤᠨ᠎ᠠ᠃       ᠳᠤᠮᠳᠠᠳᠤ ᠶᠢᠨ ᠪᠣᠯᠪᠠᠰᠤᠨ ᠤ ᠲᠣᠪᠤᠶᠢᠮ᠎ᠠ ᠦᠷᠭᠦᠯᠵᠢᠯᠡᠬᠦ ᠴᠢᠨᠠᠷ᠂ ᠰᠢᠨ᠎ᠡ ᠶᠢ ᠡᠭᠦᠳᠬᠦ ᠴᠢᠨᠠᠷ᠂ ᠨᠢᠭᠡᠳᠦᠯᠲᠦ ᠴᠢᠨᠠᠷ᠂ ᠪᠠᠭᠲᠠᠭᠠᠮᠵᠢᠲᠤ ᠴᠢᠨᠠᠷ᠂ ᠡᠩᠭᠡ ᠲᠠᠶᠢᠪᠤᠩ ᠴᠢᠨᠠᠷ ᠢ ᠭᠦᠢᠴᠡᠳ ᠢᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠲᠡᠦᠬᠡ ᠪᠠ ᠭᠡᠷᠡᠯ ᠰᠠᠴᠤᠷᠠᠩᠭᠤᠢ ᠰᠣᠶᠣᠯ ᠤᠨ ᠣᠨᠴᠠᠯᠢᠭ ᠢ ᠣᠨᠣᠪᠴᠢᠲᠠᠢ ᠡᠵᠡᠮᠰᠢᠵᠦ᠂ ᠳᠤᠮᠳᠠᠳᠤ ᠶᠢᠨ ᠦᠨᠳᠦᠰᠦᠲᠡᠨ ᠤ ᠣᠲᠣ ᠦᠶ᠎ᠡ ᠶᠢᠨ ᠪᠣᠯᠪᠠᠰᠤᠨ ᠢ ᠪᠠᠶᠢᠭᠤᠯᠬᠤ ᠡᠭᠦᠷᠭᠡ ᠶᠢ ᠭᠦᠨᠵᠡᠭᠡᠢ ᠣᠶᠢᠯᠠᠭᠠᠬᠤ ᠬᠡᠷᠡᠭᠲᠡᠶ᠃ ︽ᠬᠤᠶᠠᠷ ᠢ ᠤᠶᠠᠯᠳᠤᠭᠤᠯᠬᠤ︾ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡ ᠶᠢᠨ ᠯᠣᠭᠢᠭ᠂ ᠤᠨᠤᠯ ᠤᠨ ᠯᠣᠭᠢᠭ ᠢ ᠵᠢᠷᠤᠮᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠷᠣᠰᠢᠵᠤ ᠪᠠᠶᠢᠭ᠎ᠠ ᠴᠢᠨᠠᠷ ᠤᠨ ᠤᠬᠠᠭᠳᠠᠬᠤᠨ ᠪᠠ ᠣᠷᠣᠨ ᠨᠤᠲᠤᠭᠴᠢᠯᠠᠬᠤ ᠤᠨᠤᠯ ᠢ ᠠᠭᠤᠳᠠᠯᠤᠨ ᠡᠮᠬᠢᠯᠡᠵᠦ᠂ ᠳᠤᠮᠳᠠᠳᠤ ᠶᠢᠨ ᠰᠣᠶᠣᠯ ᠤᠨ ᠵᠣᠭᠰᠣᠯᠲᠠ ᠶᠢ ᠪᠠᠲᠤ ᠰᠠᠬᠢᠵᠤ᠂ ᠳᠤᠮᠳᠠᠳᠤ ᠶᠢᠨ ᠪᠣᠯᠪᠠᠰᠤᠨ ᠤ ᠣᠭᠢ ᠰᠣᠳᠣ ᠶᠢ ᠪᠣᠯᠪᠠᠰᠤᠷᠠᠭᠤᠯᠤᠨ ᠢᠯᠡᠷᠡᠭᠦᠯᠵᠦ᠂ ᠳᠤᠮᠳᠠᠳᠤ ᠶᠢᠨ ᠪᠣᠯᠪᠠᠰᠤᠨ ᠤ ᠭᠦᠨ ᠠᠭᠤᠯᠤᠭᠳᠠᠬᠤᠨ ᠪᠠ ᠥᠪᠡᠷᠮᠢᠴᠡ ᠴᠤᠭ ᠵᠢᠪᠬᠤᠭ᠎ᠠ ᠶᠢ ᠢᠯᠡᠷᠡᠭᠦᠯᠦᠨ᠎ᠡ᠃ ᠳᠤᠮᠳᠠᠳᠤ ᠤᠯᠤᠰ ᠤᠨ ᠦᠢᠯᠡᠳᠦᠯᠭᠡ ᠶᠢ ᠲᠠᠶᠢᠯᠪᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠥᠯᠢᠭᠡᠷ ᠢ ᠰᠠᠶᠢᠲᠤᠷ ᠶᠠᠷᠢᠨ᠎ᠠ᠃ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯᠲᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠮᠡᠳᠡᠯᠭᠡ ᠶᠢᠨ ᠰᠢᠰᠲ᠋ᠧᠮ ᠤᠨ ᠪᠠᠶᠢᠭᠤᠯᠤᠯᠲᠠ ᠶᠢ ᠶᠡᠷᠦᠩᠬᠡᠶᠢᠯᠡᠨ ᠴᠢᠩᠭᠠᠳᠬᠠᠬᠤ ᠪᠠ ᠮᠠᠨ ᠤ ᠤᠯᠤᠰ ᠤᠨ ᠦᠨᠳᠦᠰᠦᠲᠡᠨ ᠤ ᠰᠤᠳᠤᠯᠤᠯ ᠤᠨ ᠰᠤᠳᠤᠯᠭᠠᠨ ᠤ ᠳᠤᠮᠳᠠ ᠣᠷᠣᠰᠢᠵᠤ ᠪᠠᠶᠢᠭ᠎ᠠ ᠥᠷᠥᠨᠡᠳᠠᠬᠢᠨ ᠤ ᠦᠨᠳᠦᠰᠦᠲᠡᠨ ᠤ ᠤᠨᠤᠯ ᠤᠨ ᠦᠵᠡᠯ ᠰᠠᠨᠠᠭ᠎ᠠ ᠪᠠ ᠦᠭᠡ ᠶᠠᠷᠢᠶᠠᠨ ᠤ ᠰᠢᠰᠲ᠋ᠧᠮ ᠳᠤ ᠨᠥᠯᠥᠭᠡᠯᠡᠭᠳᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠳᠤᠮᠳᠠᠳᠤ ᠤᠯᠤᠰ ᠤᠨ ᠣᠨᠴᠠᠯᠢᠭ ᠪᠦᠬᠦᠢ ᠰᠢᠨ᠎ᠡ ᠣᠶᠢᠯᠠᠭᠠᠭᠳᠠᠬᠤᠨ᠂ ᠰᠢᠨ᠎ᠡ ᠠᠷᠭ᠎ᠠ ᠵᠠᠮ ᠢ ᠳ᠋ᠦᠩᠨᠡᠨ ᠲᠤᠰᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠨᠤᠯ ᠤᠨ ᠰᠢᠰᠲ᠋ᠧᠮ᠂ ᠦᠭᠡ ᠶᠠᠷᠢᠶᠠᠨ ᠤ ᠰᠢᠰᠲ᠋ᠧᠮ ᠤᠨ ᠪᠠᠶᠢᠭᠤᠯᠤᠯᠲᠠ ᠶᠢ ᠳᠤᠮᠳᠠᠳᠤ ᠤᠯᠤᠰ ᠤᠨ ᠦᠨᠳᠦᠰᠦᠲᠡᠨ ᠤ ᠠᠵᠢᠯ ᠤᠨ ᠦᠢᠯᠡᠳᠦᠯᠭᠡ ᠲᠠᠢ ᠨᠢᠭᠲᠠ ᠤᠶᠠᠯᠳᠤᠭᠤᠯᠵᠤ᠂ ᠳᠤᠮᠳᠠᠳᠤ ᠤᠯᠤᠰ ᠤᠨ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠦᠷ᠎ᠡ ᠪᠦᠲᠦᠮᠵᠢ ᠶᠢ ᠭᠦᠢᠴᠡᠳ ᠲᠤᠰᠬᠠᠨ᠎ᠠ᠃ ᠳᠤᠮᠳᠠᠳᠤ ᠤᠯᠤᠰ ᠤᠨ ᠡᠬᠡ ᠭᠠᠵᠠᠷ ᠲᠤ ᠰᠠᠭᠤᠷᠢᠯᠠᠵᠤ᠂ ᠦᠢᠯᠡᠳᠦᠯᠭᠡ ᠶᠢᠨ ᠪᠠᠶᠢᠴᠠᠭᠠᠯᠲᠠ ᠶᠢᠨ ᠳᠤᠮᠳᠠ ᠠᠴᠠ ᠠᠩᠬᠠᠨ ᠤ ᠮᠠᠲ᠋ᠧᠷᠢᠶᠠᠯ ᠢ ᠣᠯᠵᠤ᠂ ᠳᠤᠮᠳᠠᠳᠤ ᠤᠯᠤᠰ ᠤᠨ ᠲᠤᠷᠰᠢᠯᠭ᠎ᠠ ᠶᠢ ᠰᠢᠰᠲ᠋ᠧᠮ ᠲᠠᠢ ᠤᠬᠠᠭᠳᠠᠬᠤᠨ ᠤ ᠰᠢᠰᠲ᠋ᠧᠮ ᠪᠠ ᠰᠤᠳᠤᠯᠭᠠᠨ ᠤ ᠬᠡᠪ ᠵᠠᠭᠪᠤᠷ ᠪᠣᠯᠭᠠᠨ ᠳᠡᠬᠡᠭᠰᠢᠯᠡᠬᠦᠯᠦᠨ᠎ᠡ᠃       ᠳᠤᠮᠳᠠᠳᠤ ᠤᠯᠤᠰ ᠤᠨ ᠦᠨᠳᠦᠰᠦᠲᠡᠨ ᠤ ᠦᠵᠡᠯ ᠰᠠᠨᠠᠭᠠᠨ ᠤ ᠡᠭᠦᠰᠦᠯ᠂ ᠬᠥᠭᠵᠢᠯᠲᠡ᠂ ᠬᠤᠪᠢᠷᠠᠯᠲᠠ ᠶᠢ ᠭᠦᠨᠵᠡᠭᠡᠢ ᠰᠤᠳᠤᠯᠵᠤ᠂ ᠲᠡᠦᠬᠡ ᠶᠢᠨ ᠲᠤᠯᠭᠤᠷ ᠪᠢᠴᠢᠭ ᠲᠠᠬᠢ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠦᠵᠡᠯ ᠰᠠᠨᠠᠭ᠎ᠠ ᠶᠢ ᠨᠠᠷᠢᠨ ᠨᠢᠮᠪᠠᠢ ᠡᠮᠬᠢᠯᠡᠵᠦ᠂ ᠳᠤᠮᠳᠠᠳᠤ ᠶᠢᠨ ᠦᠨᠳᠦᠰᠦᠲᠡᠨ ᠤ ᠪᠦᠷᠢᠯᠳᠦᠨ ᠬᠥᠭᠵᠢᠭᠰᠡᠨ ᠶᠠᠪᠤᠴᠠ ᠶᠢ ᠪᠦᠬᠦ ᠲᠠᠯ᠎ᠠ ᠪᠠᠷ ᠭᠦᠨᠵᠡᠭᠡᠢ ᠣᠶᠢᠯᠠᠭᠠᠨ᠎ᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠶᠢᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠶᠢᠨ ᠠᠷᠤ ᠳᠠᠬᠢ ᠵᠠᠮ᠂ ᠤᠨᠤᠯ᠂ ᠪᠠᠶᠢᠭᠤᠯᠤᠯ᠂ ᠰᠣᠶᠣᠯ ᠤᠨ ᠳᠠᠪᠠᠭᠤᠯᠢᠭ ᠢ ᠳ᠋ᠦᠩᠨᠡᠨ ᠪᠣᠯᠪᠠᠰᠤᠷᠠᠭᠤᠯᠤᠨ᠎ᠠ᠃ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠳᠦᠯᠭᠡ ᠶᠢᠨ ᠲᠤᠷᠰᠢᠯᠭ᠎ᠠ ᠶᠢ ᠳ᠋ᠦᠩᠨᠡᠨ ᠪᠣᠯᠪᠠᠰᠤᠷᠠᠭᠤᠯᠵᠤ᠂ ᠦᠨᠳᠦᠰᠦᠲᠡᠨ ᠨᠦᠭᠦᠳ ᠤᠨ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ ᠳᠤᠮᠳᠠᠳᠤ ᠤᠯᠤᠰ ᠤᠨ ᠠᠰᠠᠭᠤᠯᠲᠠ ᠶᠢ ᠬᠠᠷᠢᠭᠤᠯᠵᠤ᠂ ᠳᠤᠮᠳᠠᠳᠤ ᠤᠯᠤᠰ ᠤᠨ ᠲᠡᠦᠬᠡ ᠶᠢᠨ ᠬᠥᠭᠵᠢᠯᠲᠡ ᠪᠣᠯᠣᠨ ᠣᠲᠣ ᠦᠶ᠎ᠡ ᠶᠢᠨ ᠵᠠᠰᠠᠯᠲᠠ ᠶᠢᠨ ᠦᠢᠯᠡᠳᠦᠯᠭᠡ ᠳᠤ ᠰᠢᠰᠲ᠋ᠧᠮᠲᠦ ᠴᠢᠨᠠᠷᠲᠠᠢ ᠰᠤᠳᠤᠯᠭᠠᠨ ᠬᠢᠨ᠎ᠡ᠃ ᠳᠤᠮᠳᠠᠳᠤ ᠤᠯᠤᠰ ᠤᠨ ᠪᠣᠳᠠᠲᠤ ᠪᠠᠶᠢᠳᠠᠯ ᠳᠤ ᠰᠠᠭᠤᠷᠢᠯᠠᠨ ᠬᠠᠨᠳᠤᠯᠭᠠᠲᠤ ᠴᠢᠨᠠᠷᠲᠠᠢ ᠪᠠᠷ ᠰᠢᠨ᠎ᠡ ᠶᠢ ᠡᠭᠦᠳᠴᠦ᠂ ᠳᠤᠮᠳᠠᠳᠤ ᠤᠯᠤᠰ ᠤᠨ ᠪᠠᠶᠢᠳᠠᠯ ᠳᠤ ᠲᠣᠬᠢᠷᠠᠭᠰᠠᠨ ᠰᠢᠨᠵᠢᠯᠡᠬᠦ ᠤᠬᠠᠭᠠᠨᠴᠢ ᠤᠨᠤᠯ ᠤᠨ ᠪᠣᠷᠣ ᠲᠥᠯᠥᠪ ᠢ ᠪᠣᠯᠪᠠᠰᠤᠷᠠᠭᠤᠯᠬᠤ ᠬᠡᠷᠡᠭᠲᠡᠶ᠃ ᠲᠥᠪ ᠭᠤᠣᠯᠴᠢ ᠪᠠᠷ ᠰᠢᠨ᠎ᠡ ᠶᠢ ᠡᠭᠦᠳᠬᠦ ᠰᠠᠭᠤᠷᠢᠨ ᠳᠡᠭᠡᠷ᠎ᠡ᠂ ᠰᠢᠨᠵᠢᠯᠡᠬᠦ ᠤᠬᠠᠭᠠᠨᠴᠢ ᠰᠤᠳᠤᠯᠭᠠᠨ ᠤ ᠠᠷᠭ᠎ᠠ ᠶᠢᠨ ᠤᠨᠤᠯ ᠢ ᠪᠠᠶᠢᠭᠤᠯᠵᠤ᠂ ᠥᠷᠥᠨᠡᠳᠠᠬᠢᠨ ᠤ ᠦᠭᠡ ᠶᠠᠷᠢᠶᠠᠨ ᠤ ᠰᠢᠰᠲ᠋ᠧᠮ ᠤᠨ ᠡᠷᠳᠡᠮ ᠰᠢᠨᠵᠢᠯᠡᠭᠡᠨ ᠤ ᠭᠠᠭᠴᠠᠭᠠᠷ ᠡᠵᠡᠮᠰᠢᠯ ᠤᠨ ᠪᠠᠶᠢᠳᠠᠯ ᠢ ᠴᠢᠷᠮᠠᠶᠢᠨ ᠡᠪᠳᠦᠨ᠎ᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠠᠭ ᠦᠶ᠎ᠡ ᠶᠢᠨ ᠤᠷᠢᠶᠠᠯᠠᠭ᠎ᠠ ᠳᠤ ᠬᠠᠷᠢᠭᠤᠯᠲᠠ ᠥᠭᠭᠦᠨ᠎ᠡ᠃ ᠨᠢᠭᠡ ᠲᠠᠯ᠎ᠠ ᠪᠠᠷ᠂ ᠤᠨᠤᠯ ᠤᠨ ᠠᠰᠠᠭᠤᠳᠠᠯ ᠳᠤ ᠰᠠᠭᠤᠷᠢᠯᠠᠭᠰᠠᠨ ᠠᠰᠠᠭᠤᠳᠠᠯ ᠤᠨ ᠲᠤᠬᠠᠢ ᠤᠬᠠᠮᠰᠠᠷ ᠢᠶᠠᠨ ᠴᠢᠩᠭᠠᠳᠬᠠᠵᠤ᠂ ᠤᠨᠤᠯ ᠤᠨ ᠲᠤᠬᠠᠢ ᠪᠣᠳᠣᠯᠬᠢᠯᠠᠯ ᠪᠠ ᠰᠦᠪᠡᠭᠴᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠶᠢᠰᠪᠦᠷᠢ᠂ ᠭᠦᠨ ᠭᠦᠨᠵᠡᠭᠡᠢ ᠤᠬᠠᠭᠳᠠᠬᠤᠨ ᠤ ᠠᠢ ᠪᠠ ᠤᠨᠤᠯ ᠤᠨ ᠲᠠᠶᠢᠯᠪᠤᠷᠢᠯᠠᠯᠲᠠ ᠶᠢ ᠡᠷᠢᠵᠦ᠂ ᠡᠷᠳᠡᠮ ᠰᠢᠨᠵᠢᠯᠡᠭᠡᠨ ᠤ ᠦᠵᠡᠯ ᠰᠠᠨᠠᠭᠠᠨ ᠤ ᠲᠠᠯ᠎ᠠ ᠪᠠᠷ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠶ︔ ᠨᠥᠭᠦᠭᠡ ᠲᠠᠯ᠎ᠠ ᠪᠠᠷ᠂ ᠪᠣᠳᠠᠲᠤ ᠠᠰᠠᠭᠤᠳᠠᠯ ᠳᠤ ᠰᠠᠭᠤᠷᠢᠯᠠᠭᠰᠠᠨ ᠠᠰᠠᠭᠤᠳᠠᠯ ᠤᠨ ᠲᠤᠬᠠᠢ ᠤᠬᠠᠮᠰᠠᠷ ᠢᠶᠠᠨ ᠴᠢᠩᠭᠠᠳᠬᠠᠵᠤ᠂ ᠨᠡᠶᠢᠭᠡᠮ ᠤᠨ ᠪᠣᠳᠠᠲᠤ ᠠᠰᠠᠭᠤᠳᠠᠯ ᠢ ᠪᠣᠳᠠᠲᠠᠢ ᠪᠠᠷ ᠬᠡᠷᠡᠭᠯᠡᠬᠦ ᠪᠠ ᠰᠢᠢᠳᠪᠦᠷᠢᠯᠡᠬᠦ ᠶᠢ ᠠᠩᠬᠠᠷᠴᠤ᠂ ᠨᠡᠶᠢᠭᠡᠮ ᠤᠨ ᠬᠥᠭᠵᠢᠯᠲᠡ ᠳᠤ ᠪᠣᠳᠠᠲᠤ ᠬᠡᠷᠡᠭᠯᠡᠭᠡᠨ ᠤ ᠰᠢᠢᠳᠪᠦᠷᠢᠯᠡᠬᠦ ᠲᠥᠰᠥᠯ ᠪᠠ ᠠᠷᠭᠠᠴᠠᠭᠠᠬᠤ ᠪᠣᠳᠣᠯᠭ᠎ᠠ ᠶᠢ ᠬᠠᠩᠭᠠᠬᠤ ᠬᠡᠷᠡᠭᠲᠡᠶ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠡᠦᠬᠡᠨ ᠠᠬᠢᠴᠠ ᠪᠠ ᠳᠤᠮᠳᠠᠳᠤ ᠶᠢᠨ ᠦᠨᠳᠦᠰᠦᠲᠡᠨ ᠤ ᠣᠲᠣ ᠦᠶ᠎ᠡ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠡᠭᠦᠷᠭᠡ ᠳᠤ ᠰᠠᠭᠤᠷᠢᠯᠠᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠶᠢᠨ ᠦᠢᠯᠡᠳᠦᠯᠭᠡ ᠶᠢᠨ ᠲᠤᠷᠰᠢᠯᠭ᠎ᠠ ᠶᠢ ᠪᠣᠯᠪᠠᠰᠤᠷᠠᠭᠤᠯᠬᠤ ᠶᠢᠨ ᠬᠠᠮᠲᠤ ᠲᠡᠭᠦᠨ ᠳᠤ ᠤᠬᠠᠭᠳᠠᠬᠤᠨᠴᠢᠯᠠᠬᠤ᠂ ᠣᠨᠣᠯᠵᠢᠭᠤᠯᠬᠤ ᠲᠠᠶᠢᠯᠪᠤᠷᠢᠯᠠᠯᠲᠠ ᠬᠢᠬᠦ ᠬᠡᠷᠡᠭᠲᠡᠶ᠃       ᠰᠤᠳᠤᠯᠭᠠᠨ ᠤ ᠣᠶᠢᠯᠠᠭᠠᠭᠳᠠᠬᠤᠨ᠂ ᠰᠤᠳᠤᠯᠭᠠᠨ ᠤ ᠠᠷᠭ᠎ᠠ᠂ ᠰᠤᠳᠤᠯᠭᠠᠨ ᠤ ᠠᠭᠤᠯᠭ᠎ᠠ᠂ ᠰᠤᠳᠤᠯᠭᠠᠨ ᠤ ᠴᠢᠳᠠᠪᠤᠷᠢ ᠶᠢ ᠦᠷᠭᠦᠯᠵᠢᠯᠡᠨ ᠰᠢᠯᠢᠳᠡᠭᠵᠢᠭᠦᠯᠪᠡ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠥᠭᠵᠢᠯᠲᠡ ᠶᠢᠨ ᠦᠢᠯᠡᠳᠦᠯᠭᠡ ᠳᠤ ᠰᠠᠭᠤᠷᠢᠯᠠᠨ᠂ ᠡᠷᠲᠡᠨ ᠡᠳᠦᠭᠡ ᠳᠣᠲᠣᠭᠠᠳᠤ ᠭᠠᠳᠠᠭᠠᠳᠤ ᠶᠢᠨ ᠠᠯᠢᠪᠠ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢᠶᠠᠷ ᠲᠣᠯᠢ ᠪᠣᠯᠭᠠᠵᠤ᠂ ᠮᠡᠳᠡᠯᠭᠡ ᠶᠢᠨ ᠰᠢᠰᠲ᠋ᠧᠮ ᠤᠨ ᠦᠵᠡᠯ ᠤᠬᠠᠮᠰᠠᠷ ᠤᠨ ᠬᠡᠯᠪᠡᠷᠢ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ ᠰᠠᠭᠤᠷᠢ ᠶᠢ ᠪᠠᠲᠤᠳᠬᠠᠪᠠ᠃ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ ᠵᠣᠬᠢᠴᠠᠬᠤ᠂ ᠳᠤᠮᠳᠠᠳᠤ ᠤᠯᠤᠰ ᠤᠨ ᠬᠥᠭᠵᠢᠯᠲᠡ ᠳᠤ ᠦᠢᠯᠡᠴᠢᠯᠡᠬᠦ ᠡᠷᠳᠡᠮ ᠰᠢᠨᠵᠢᠯᠡᠭᠡᠨ ᠤ ᠦᠢᠯᠡᠳᠦᠯᠭᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤ ᠪᠠᠲᠤ ᠪᠠᠬᠢ ᠮᠡᠳᠡᠯᠭᠡ ᠶᠢᠨ ᠲᠤᠯᠭᠠᠭᠤᠷᠢᠯᠠᠯ ᠬᠠᠩᠭᠠᠪᠠ᠃ ︵ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ᠄ ᠹᠧᠩ ᠰᠢᠤᠸᠠᠢ ᠬᠤᠩ᠂ ᠤᠮᠠᠷᠠᠲᠤ ᠶᠢᠨ ᠦᠨᠳᠦᠰᠦᠲᠡᠨ ᠤ ᠶᠡᠭᠡ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠡᠳᠬᠦᠯ ᠤᠨ ᠨᠠᠶᠢᠷᠠᠭᠤᠯᠬᠤ ᠬᠡᠯᠲᠡᠰ ᠤᠨ ᠫᠷᠣᠹᠧᠰᠰᠣᠷ᠂ ᠠᠨ ᠢᠦᠢ᠂ ᠤᠮᠠᠷᠠᠲᠤ ᠶᠢᠨ ᠦᠨᠳᠦᠰᠦᠲᠡᠨ ᠤ ᠶᠡᠭᠡ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠳᠡᠭᠡᠳᠦ ᠰᠤᠷᠭᠠᠭᠤᠯᠢ ᠶᠢᠨ ᠳ᠋ᠣᠺᠲ᠋ᠣᠷ᠂ ᠠᠰᠫᠢᠷᠠᠨᠲ︶      
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ