ᠭᠤᠤ ᠷᠦᠨ ᠰᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠦᠮᠦᠵᠢᠯ ᠤᠨ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠤᠪᠠ
ᠨᠡᠶᠢᠲᠡᠯᠡᠭᠰᠡᠨ ᠴᠠᠭ᠄
2024/6/27
       6 ᠰᠠᠷ᠎ᠠ ᠶᠢᠨ 14 ᠤ ᠡᠳᠦᠷ᠂ ᠬᠦᠯᠦᠨ ᠪᠦᠢᠷ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠭᠤᠤ ᠷᠦᠨ ᠰᠢ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠦᠮᠦᠵᠢᠯ ᠢ ᠭᠦᠨᠵᠡᠭᠡᠶᠢᠷᠡᠭᠦᠯᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠬᠠᠮᠢᠶᠠᠷᠤᠨ ᠵᠠᠰᠠᠵᠤ᠂ ᠣᠳᠤᠬᠢᠴᠢᠯᠠᠭᠰᠠᠨ ᠬᠦᠯᠦᠨ ᠪᠦᠢᠷ ᠢ ᠪᠠᠶᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠦᠮᠦᠵᠢᠯ ᠤᠨ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠤᠪᠠᠯ᠃
20240627-1-1.jpg
       ᠭᠤᠤ ᠷᠦᠨ ᠰᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ ᠴᠢᠬᠤᠯᠠ ᠶᠡᠭᠡ ᠤᠯᠤᠰ ᠲᠦᠷᠦ ᠶᠢᠨ ᠠᠴᠢ ᠬᠤᠯᠪᠣᠭᠳᠠᠯ ᠢ ᠭᠦᠢᠴᠡᠳ ᠲᠣᠳᠣᠷᠬᠠᠶᠢᠯᠠᠨ ᠥᠭᠦᠯᠡᠵᠦ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢᠨ ᠳᠣᠲᠣᠭᠠᠳᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠴᠢᠬᠤᠯᠠ ᠪᠠᠲᠤᠯᠠᠭ᠎ᠠ ᠪᠠ ᠺᠠᠳ᠋ᠷ ᠤᠨ ᠡᠩᠨᠡᠭᠡᠨ ᠤ ᠰᠤᠷᠲᠠᠯ ᠢ ᠳᠠᠪᠲᠠᠨ ᠪᠣᠯᠪᠠᠰᠤᠷᠠᠭᠤᠯᠬᠤ ᠪᠦᠲᠦᠮᠵᠢᠲᠡᠢ ᠠᠷᠭ᠎ᠠ ᠵᠠᠮ ᠪᠣᠯᠬᠤ ᠶᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠮᠤᠷᠠᠯ ᠰᠤᠷᠲᠠᠯ ᠤᠨ ᠲᠣᠭᠲᠠᠯ ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢ ᠲᠠᠰᠤᠷᠠᠯᠳᠠ ᠦᠭᠡᠢ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃       ᠭᠤᠤ ᠷᠦᠨ ᠰᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠵᠠᠰᠠᠪᠤᠷᠢ ᠣᠷᠣᠭᠤᠯᠤᠭᠰᠠᠨ ᠠᠭᠤᠯᠭ᠎ᠠ ᠲᠠᠢ ᠤᠶᠠᠯᠳᠤᠭᠤᠯᠵᠤ᠂ ᠲᠡᠭᠦᠨ ᠤ ᠡᠯᠪᠡᠭ ᠪᠠᠶᠠᠯᠢᠭ ᠠᠭᠤᠯᠬᠤᠨ ᠳᠤ ᠲᠠᠶᠢᠯᠪᠤᠷᠢᠯᠠᠯᠲᠠ ᠬᠢᠵᠡᠢ᠃ ︽ᠲᠦᠷᠢᠮ︾ ᠢ ᠪᠥᠬᠦ ᠲᠠᠯ᠎ᠠ ᠪᠠᠷ ᠰᠤᠷᠤᠯᠴᠠᠨ ᠰᠠᠶᠢᠲᠤᠷ ᠬᠡᠷᠡᠭᠵᠢᠭᠦᠯᠵᠦ᠂ ᠦᠪᠡᠷ ᠤᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠵᠠᠯᠠᠷᠠᠭᠤᠯᠤᠨ ᠵᠠᠰᠠᠬᠤ ᠶᠢ ᠴᠣᠴᠠᠯᠲᠠ ᠦᠭᠡᠢ ᠪᠠᠷᠢᠮᠲᠠᠯᠠᠵᠤ᠂ ᠰᠠᠬᠢᠯᠭ᠎ᠠ ᠪᠠᠲᠤ ᠶᠢ ᠳᠡᠭᠡᠳᠦᠯᠡᠬᠦ ᠪᠠ ᠪᠠᠲᠤ ᠰᠠᠬᠢᠬᠤ ᠶᠢ ᠪᠠᠲᠤᠯᠠᠵᠤ᠂ ᠤᠬᠠᠮᠰᠠᠷ ᠠᠴᠠ ᠪᠠᠨ ᠬᠠᠤᠯᠢ ᠰᠠᠬᠢᠯᠭ᠎ᠠ ᠶᠢᠨ ᠬᠡᠪᠴᠢᠶᠡᠨ ᠳᠤᠤᠷ᠎ᠠ ᠠᠰᠠᠭᠤᠳᠠᠯ ᠢ ᠪᠣᠳᠤᠯᠬᠢᠯᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠨ᠂ ᠠᠵᠢᠯ ᠬᠢᠵᠦ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
20240627-1-2.jpg
       ᠭᠤᠤ ᠷᠦᠨ ᠰᠢ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠪᠣᠯ ᠨᠢᠭᠡᠨ ᠣᠷᠳᠣ ᠬᠤᠭᠤᠴᠠᠭᠠᠨ ᠤ ᠡᠭᠦᠷᠭᠡ ᠮᠥᠨ᠃ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠡᠭᠦᠷᠭᠡ ᠠᠷᠭ᠎ᠠ ᠬᠡᠮᠵᠢᠶ᠎ᠡ ᠪᠠᠨ ᠪᠣᠳᠠᠳᠠᠶᠢᠵᠢᠭᠤᠯᠬᠤ ᠪᠠ ᠨᠠᠷᠢᠯᠢᠬᠵᠢᠭᠤᠯᠵᠤ᠂ ᠤᠯᠤᠰ ᠲᠥᠷᠥ ᠶᠢᠨ ᠰᠠᠬᠢᠯᠭ᠎ᠠ ᠲᠦᠷᠢᠮ ᠢ ᠤᠯᠠᠮ ᠨᠢᠭᠡ ᠠᠯᠬᠤᠮ ᠴᠢᠩᠭ᠎ᠠ ᠲᠣᠳᠤᠷᠬᠠᠢ ᠪᠣᠯᠭᠠᠨ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠺᠠᠳ᠋ᠷ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠶᠣᠰᠤ ᠳᠦᠷᠢᠮ ᠢ ᠵᠢᠷᠦᠮᠯᠡᠨ ᠰᠠᠬᠢᠬᠤ ᠳᠤᠮᠳᠠ ᠵᠣᠷᠢᠭᠲᠠᠢ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠵᠤ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠠᠰᠠᠭᠤᠬᠤ ᠠᠵᠢᠯ ᠢ ᠴᠢᠩᠭ᠎ᠠ ᠥᠷᠨᠢᠭᠦᠯᠬᠦ ᠬᠡᠷᠡᠭᠲᠡᠶ᠃ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠬᠤ᠂ ᠰᠤᠷᠴᠤ ᠬᠡᠷᠡᠭᠯᠡᠬᠦ ᠶᠢ ᠤᠶᠠᠯᠳᠤᠭᠤᠯᠬᠤ ᠳᠤᠮᠳᠠ ᠮᠡᠳᠡᠬᠦᠢ ᠪᠠᠷ ᠬᠢᠬᠦᠢ ᠶᠢ ᠠᠬᠢᠭᠤᠯᠵᠤ᠂ ᠨᠠᠮ ᠤᠨ ︽ᠵᠢᠷᠭᠤᠭᠠᠨ ᠶᠡᠭᠡ ᠰᠠᠬᠢᠯᠭ᠎ᠠ ᠪᠠᠲᠤ︾ ᠶᠢ ᠦᠨᠡᠨ ᠬᠦ ᠴᠢᠩᠭ᠎ᠠ ᠰᠠᠬᠢᠬᠤ ᠶᠠᠪᠤᠳᠠᠯ ᠢ ᠰᠡᠳᠬᠢᠯ ᠳᠡᠭᠡᠨ ᠬᠠᠳᠠᠩᠰᠢᠭᠤᠯᠵᠤ᠂ ᠡᠳᠦᠷ ᠲᠤᠳᠤᠮ ᠤᠨ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠬᠤ ᠬᠡᠷᠡᠭᠲᠡᠢ ᠭᠡᠪᠡ᠃
20240627-1-3.jpg
       ᠭᠤᠤ ᠷᠦᠨ ᠰᠢ᠂ ᠨᠢᠭᠡᠳᠦᠯᠲᠡᠢ ᠲᠦᠯᠦᠪᠯᠡᠨ ᠨᠡᠶᠢᠳᠡ ᠳᠤᠨᠢ ᠬᠠᠷᠠᠭᠠᠯᠵᠠᠬᠤ ᠶᠢ ᠴᠢᠬᠤᠯᠠᠴᠢᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯᠤᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠦᠢᠯᠡᠴᠢᠯᠡᠭᠡᠨ ᠤ ᠪᠠᠲᠤᠯᠠᠭ᠎ᠠ ᠶᠢ ᠰᠠᠶᠢᠳᠤᠷ ᠪᠡᠶᠡᠯᠡᠭᠦᠯᠬᠦ᠂ ︽ᠬᠤᠶᠠᠷ ᠶᠡᠭᠡ ᠶᠠᠪᠤᠳᠠᠯ︾ ᠪᠣᠯᠤᠨ ︽ᠵᠢᠷᠭᠤᠭᠠᠨ ᠢᠨᠵᠧᠨᠧᠷᠢᠩ︾ ᠢ ᠰᠠᠶᠢᠲᠤᠷ ᠪᠡᠶᠡᠯᠡᠭᠦᠯᠬᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠡᠯ᠎ᠡ ᠲᠦᠷᠦᠯ ᠤᠨ ᠭᠤᠣᠯᠳᠠᠯᠭ᠎ᠠ ᠲᠠᠢ ᠡᠭᠦᠷᠭᠡ ᠶᠢᠨ ᠤᠶᠠᠯᠳᠤᠯ ᠴᠡᠭ ᠢ ᠣᠨᠣᠪᠴᠢᠲᠠᠢ ᠡᠷᠢᠨ ᠣᠯᠵᠤ᠂ ᠰᠠᠬᠢᠯᠭ᠎ᠠ ᠪᠠᠲᠤ ᠶᠢ ᠴᠢᠩᠭ᠎ᠠ ᠲᠣᠳᠤᠷᠬᠠᠢ ᠪᠣᠯᠭᠠᠬᠤ ᠶᠠᠪᠤᠳᠠᠯ ᠢᠶᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠦᠭᠵᠢᠭᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠤᠬᠢᠴᠢᠯᠠᠯᠲᠠ ᠶᠢᠨ ᠬᠥᠯᠥᠨ ᠪᠤᠶᠢᠷ ᠤᠨ ᠦᠢᠯᠡᠳᠦᠯᠭᠡ ᠶᠢ ᠲᠦᠯᠬᠢᠨ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠬᠦᠯᠦᠨ ᠪᠤᠶᠢᠷ ᠤᠨ ᠡᠳᠦᠷ ᠤᠨ ᠰᠤᠨᠢᠨ