ᠸᠠᠩ ᠯᠢ ᠰᠢᠶᠠ ᠰᠢᠯᠢ ᠶᠢᠨ ᠭᠤᠣᠯ ᠠᠶᠢᠮᠠᠭ ᠲᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/27
       6 ᠰᠠᠷ᠎ᠠ ᠶᠢᠨ 24 ᠠᠴᠠ 25 ᠤ ᠡᠳᠦᠷ ᠪᠤᠯᠲᠠᠯ᠎ᠠ ᠸᠠᠩ ᠯᠢ ᠰᠢᠶᠠ ᠰᠢᠯᠢ ᠶᠢᠨ ᠭᠤᠣᠯ ᠠᠶᠢᠮᠠᠭ ᠲᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ᠃
20240627-1-2.jpg
20240627-1-1.jpg
       ᠸᠠᠩ ᠯᠢ ᠰᠢᠶᠠ ᠰᠥᠨᠢᠳ ᠵᠡᠭᠦᠨ ᠬᠤᠰᠢᠭᠤᠨ ᠤ ᠴᠠᠭᠠᠨ ᠣᠪᠣᠭ᠎ᠠ ᠪᠠᠯᠭᠠᠰᠤᠨ ᠳᠤ ᠬᠦᠷᠴᠦ ᠲᠤᠬᠠᠢ ᠶᠢᠨ ᠲᠠᠯᠠᠪᠠᠶ ᠳᠤ ᠠᠯᠪᠠᠯᠠᠵᠤ᠂ ᠲᠠᠯ᠎ᠠ ᠨᠤᠲᠤᠭ ᠲᠤ ᠭᠦᠨᠵᠡᠭᠡᠶᠢᠷᠡᠵᠦ ᠮᠠᠯᠴᠢᠨ ᠡᠷᠦᠭᠡ ᠲᠠᠢ ᠬᠠᠮᠲᠤ ᠭᠠᠩᠳᠠᠭᠰᠠᠨ ᠪᠠᠶᠢᠳᠠᠯ ᠢ ᠪᠠᠶᠢᠴᠠᠭᠠᠨ ᠦᠵᠡᠵᠦ᠂ ᠲᠣᠭᠲᠠᠴᠠ ᠶᠢᠨ ᠲᠠᠯ᠎ᠠ ᠠᠴᠠ ᠠᠷᠭ᠎ᠠ ᠪᠤᠳᠤᠵᠤ᠂ ᠭᠠᠩ ᠤᠨ ᠪᠠᠶᠢᠳᠠᠯ ᠤᠨ ᠬᠦᠨᠳᠦ ᠬᠥᠩᠭᠡᠨ ᠢ ᠢᠯᠭᠠᠵᠤ ᠪᠠᠶᠢᠭᠠᠳ ᠬᠠᠨᠳᠤᠯᠭᠠᠲᠤ ᠴᠢᠨᠠᠷᠲᠠᠢ ᠪᠠᠷ ᠭᠠᠩ ᠬᠠᠭᠰᠠᠷᠠᠭᠠᠨ ᠲᠠᠢ ᠲᠡᠮᠡᠴᠡᠬᠦ ᠠᠷᠭ᠎ᠠ ᠬᠡᠮᠵᠢᠶ᠎ᠡ ᠲᠣᠭᠲᠠᠭᠠᠬᠤ ᠬᠡᠷᠡᠭᠲᠡᠢ᠃ ᠪᠦᠭᠦ ᠣᠷᠣᠨ ᠢᠶᠠᠷ ᠢᠶᠠᠨ ᠡᠪᠡᠰᠦ ᠪᠣᠷᠳᠤᠭ᠎ᠠ ᠶᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠪᠣᠷᠤᠯᠠᠭᠤᠯᠭ᠎ᠠ ᠶᠢᠨ ᠳᠤᠮᠳᠠᠬᠢ ᠭᠤᠭᠴᠤᠭ᠎ᠠ ᠶᠢ ᠪᠠᠭᠠᠰᠬᠠᠨ᠂ ᠮᠠᠯᠴᠢᠳ ᠢ ᠶᠠᠭᠠᠬᠢᠭᠰᠠᠨ ᠴᠤ ᠥᠨᠳᠥᠷ ᠦᠨ᠎ᠡ ᠪᠠᠷ ᠡᠪᠡᠰᠦ ᠪᠣᠷᠳᠤᠭ᠎ᠠ ᠬᠤᠳᠠᠯᠳᠤᠨ ᠠᠪᠤᠭᠤᠯᠬᠤ ᠦᠭᠡᠢ ᠪᠠᠶᠢᠵᠤ᠂ ᠠᠷᠭ᠎ᠠ ᠪᠦᠭᠦᠨ ᠢ ᠰᠦᠪᠡᠭᠴᠢᠯᠡᠵᠦ ᠮᠠᠯᠴᠢᠨ ᠲᠠᠷᠢᠶᠠᠴᠢᠳ ᠢ ᠬᠠᠪᠰᠤᠷᠤᠨ ᠬᠦᠴᠢᠷ ᠢ ᠳᠠᠪᠠᠭᠤᠯᠬᠤ ᠬᠡᠷᠡᠭᠲᠡᠢ ᠭᠡᠵᠦ ᠱᠠᠭᠠᠷᠳᠠᠪᠠ᠃ ᠲᠡᠷᠡ ᠤᠦ ᠯᠦᠨ ᠮᠠᠯ ᠠᠵᠤ ᠠᠬᠤᠢ ᠶᠢᠨ ᠺᠤᠮᠫᠠᠨᠢ ᠶᠢᠨ ᠮᠢᠬᠠᠨ ᠤ ᠦᠬᠡᠷ ᠢ ᠨᠠᠶᠢᠳᠠᠨ ᠬᠠᠮᠢᠶᠠᠷᠴᠤ ᠣᠷᠣᠯᠠᠨ ᠲᠡᠵᠢᠭᠡᠵᠦ ᠪᠠᠶᠢᠭ᠎ᠠ ᠵᠠᠭᠪᠤᠷ ᠢ ᠨᠤᠲᠠᠯᠠᠵᠤ᠂ ᠢᠳᠡᠪᠬᠢᠲᠡᠢ ᠪᠠᠷ ᠳᠡᠯᠭᠡᠷᠡᠭᠦᠯᠵᠦ᠂ ᠦᠨ᠎ᠡ ᠬᠠᠩᠰᠢ ᠮᠠᠭᠤ ᠦᠶ᠎ᠡ ᠳᠤ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠪᠠᠷ ᠳᠣᠣᠷ᠎ᠠ ᠬᠥᠮᠥᠰ ᠤᠨ ᠣᠷᠣᠯᠭ᠎ᠠ ᠪᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠣᠷᠢᠭᠵᠢᠭᠤᠯᠪᠠ᠃
20240627-1-3.jpg
20240627-1-4.jpg
       ᠸᠠᠩ ᠯᠢ ᠰᠢᠶᠠ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠲᠤᠬᠠᠢ ᠶᠢᠨ ᠲᠠᠯᠠᠪᠠᠢ ᠳᠤ ᠬᠦᠷᠴᠦ ᠡᠯᠡᠰᠦ ᠶᠢ ᠵᠠᠰᠠᠵᠤ ᠪᠠᠶᠢᠭᠰᠠᠨ ᠤᠯᠠᠨ ᠲᠦᠮᠡᠨ ᠲᠠᠢ ᠬᠠᠮᠲᠤ ᠡᠯᠡᠰᠦᠨ ᠬᠠᠯᠬᠠᠪᠴᠢ ᠶᠢ ᠳᠡᠪᠢᠰᠪᠡ᠃ ᠲᠡᠷᠡ ᠴᠢᠳᠠᠬᠤ ᠶᠢᠨ ᠬᠢᠷᠢ ᠪᠠᠷ ᠲᠤᠬᠠᠢ ᠶᠢᠨ ᠭᠠᠵᠠᠷ ᠠᠴᠠ ᠮᠠᠲ᠋ᠧᠷᠢᠶᠠᠯ ᠠᠪᠴᠤ᠂ ᠥᠪᠡᠷ ᠤᠨ ᠦᠷᠳᠡᠭ ᠢ ᠴᠢᠷᠮᠠᠶᠢᠨ ᠪᠠᠭᠤᠷᠠᠭᠤᠯᠵᠤ᠂ ᠤᠯᠠᠨ ᠲᠦᠮᠡᠨ ᠢ ᠣᠷᠣᠯᠴᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠠᠵᠢᠯ ᠢᠶᠠᠨ ᠠᠬᠢᠭᠤᠯᠵᠤ᠂ ᠲᠤᠬᠠᠢ ᠶᠢᠨ ᠭᠠᠵᠠᠷ ᠲᠤᠨᠢ ᠵᠢᠯᠤᠭᠤᠳᠴᠤ᠂ ᠲᠤᠬᠠᠢ ᠶᠢᠨ ᠭᠠᠵᠠᠷ ᠲᠤᠨᠢ ᠰᠢᠯᠭᠠᠨ ᠠᠪᠴᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠢ ᠭᠡᠵᠡᠢ᠃
20240627-1-5.jpg
       ᠲᠡᠷᠡ ︽7 · 1 ᠤ ᠭᠠᠪᠢᠶᠠᠨ ᠲᠡᠮᠳᠡᠭ︾ ᠭᠦᠷᠲᠡᠭᠴᠢ ᠲᠢᠩ · ᠪᠠᠭᠠᠲᠤᠷ ᠢ ᠲᠤᠰᠬᠠᠶᠢᠯᠠᠨ ᠡᠷᠭᠢᠨ ᠦᠵᠡᠵᠦ᠂ ᠪᠡᠯᠴᠢᠭᠡᠷ᠂ ᠬᠠᠰᠢᠶ᠎ᠠ ᠰᠠᠷᠠᠪᠴᠢ᠂ ᠡᠪᠡᠰᠦ ᠪᠣᠷᠳᠣᠭᠠᠨ ᠤ ᠬᠥᠮᠥᠷᠭᠡ ᠳᠤ ᠬᠦᠷᠴᠦ᠂ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠡᠵᠡᠩᠨᠡᠯᠲᠡ ᠶᠢᠨ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠭᠦᠨ ᠤ ᠮᠠᠯ ᠪᠡᠯᠴᠢᠭᠡᠷ ᠤᠨ ᠲᠡᠩᠴᠡᠭᠦᠷᠢ ᠶᠢᠨ ᠬᠠᠷᠢᠴᠠᠭ᠎ᠠ ᠶᠢ ᠮᠠᠰᠢ ᠰᠠᠶᠢᠨ ᠰᠢᠢᠳᠪᠦᠷᠢᠯᠡᠭᠰᠡᠨ ᠢ ᠰᠣᠨᠣᠰᠤᠭᠠᠳ᠂ ᠨᠠᠩ ᠣᠯᠠᠨ ᠮᠠᠯᠴᠢᠨ ᠲᠠᠷᠢᠶᠠᠴᠢᠨ ᠳᠤ ︽ᠲᠤᠭᠤᠷᠠᠢ ᠶᠢᠨ ᠣᠨᠣᠯ︾ ᠢ ᠳᠡᠯᠭᠡᠷᠡᠭᠦᠯᠵᠦ᠂ ᠪᠡᠯᠴᠢᠭᠡᠷ ᠤᠨ ᠪᠠᠭᠲᠠᠭᠠᠮᠵᠢ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ ᠮᠠᠯ ᠢᠶᠠᠨ ᠴᠥᠭᠡᠳᠬᠡᠵᠦ᠂ ᠨᠣᠭᠤᠭᠠᠷᠠᠭᠤᠯᠤᠯᠲᠠ ᠶᠢ ᠠᠬᠢᠭᠤᠯᠵᠤ᠂ ᠣᠷᠣᠯᠭ᠎ᠠ ᠪᠠᠨ ᠨᠡᠮᠡᠭᠳᠡᠭᠦᠯᠵᠦ᠂ ᠡᠨᠡ ᠬᠦ ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠢ ᠦᠷᠭᠦᠯᠵᠢᠯᠡᠨ ᠬᠥᠭᠵᠢᠭᠦᠯᠦᠭᠡᠷᠡᠢ ᠭᠡᠵᠦ ᠵᠣᠷᠢᠭᠵᠢᠭᠤᠯᠪᠠ᠃
20240627-1-6.jpg
       ᠸᠠᠩ ᠯᠢ ᠰᠢᠶᠠ ᠤᠷᠢᠳᠴᠢᠯᠠᠨ ᠮᠡᠳᠡᠭᠳᠡᠭᠰᠡᠨ ᠦᠭᠡᠢ ᠪᠠᠷ ᠵᠠᠬᠢᠳᠠᠯ ᠰᠤᠷᠪᠤᠯᠵᠢᠯᠠᠯ ᠤᠨ ᠲᠢᠩᠬᠢᠮ ᠳᠤ ᠬᠦᠷᠴᠦ᠂ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠭᠥᠯᠢᠶᠡᠨ ᠠᠪᠴᠤ᠂ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠤᠭᠰᠠᠨ ᠲᠠᠩᠰᠠ ᠡᠪᠬᠡᠮᠡᠯ ᠢ ᠪᠠᠶᠢᠴᠠᠭᠠᠨ ᠦᠵᠡᠵᠦ᠂ ᠪᠦᠭᠦ ᠶᠠᠪᠤᠴᠠ ᠳᠤ ᠮᠦᠷᠳᠡᠨ ᠨᠠᠶᠢᠳᠠᠪᠤᠷᠢᠵᠢᠭᠤᠯᠵᠤ᠂ ᠡᠭᠦᠳᠡᠨ ᠳᠤ ᠬᠦᠷᠭᠡᠵᠦ ᠢᠷᠡᠭᠰᠡᠨ ᠤᠯᠠᠨ ᠲᠦᠮᠡᠨ ᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠲᠡᠷᠡ ᠪᠠᠰᠠ ᠮᠧᠩ ᠨᠧᠩ ᠰᠥᠨᠢᠳ ᠵᠡᠭᠦᠨ ᠬᠤᠰᠢᠭᠤᠨ ᠤ ᠰᠠᠯᠬᠢᠨ ᠬᠦᠴᠦᠨ ᠢᠶᠠᠷ ᠴᠠᠭᠢᠯᠭᠠᠨ ᠭᠠᠷᠭᠠᠬᠤ ᠺᠤᠮᠫᠠᠨᠢ᠂ ᠪᠢᠰᠢᠯᠠᠭ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠭᠦᠷᠪᠡ ︔ ᠨᠢᠭᠡᠨ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ ᠪᠠ ᠬᠢᠯᠢ ᠬᠠᠮᠠᠭᠠᠯᠠᠭᠴᠢ ᠶᠢ ᠲᠣᠬᠤᠨᠢᠭᠤᠯᠵᠤ᠂ ᠦᠢᠯᠡᠴᠢᠯᠡᠭᠡ ᠶᠢ ᠰᠠᠶᠢᠲᠤᠷ ᠬᠢᠵᠦ᠂ ᠲᠡᠳᠡᠨ ᠤ ᠠᠮᠢᠳᠤᠷᠠᠯ ᠢ ᠰᠠᠶᠢᠲᠤᠷ ᠪᠠᠲᠤᠯᠠᠬᠤ ᠬᠡᠷᠡᠭᠲᠡᠢ ᠭᠡᠵᠦ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠳᠤ ᠵᠠᠬᠢᠪᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ