ᠭᠤᠤ ᠷᠦᠨ ᠰᠢ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠭᠦᠩ ᡁᠢ ᠴᠢᠶᠠᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/6/3
       5 ᠰᠠᠷ᠎ᠠ ᠶᠢᠨ 27 ᠤ ᠡᠳᠦᠷ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠷᠦᠨ ᠰᠢ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠬᠥᠩ ᡁᠢ ᠴᠢᠶᠠᠩ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ᠂ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢ ᠪᠡᠶᠡᠯᠡᠭᠦᠯᠬᠦ ᠶᠢᠨ ᠲᠣᠭᠤᠷᠢᠨ ᠳᠤ ᠭᠦᠨᠵᠡᠭᠡᠶ ᠰᠣᠯᠢᠯᠴᠠᠪᠠ᠃
20240603-1-1.jpg
       ᠭᠤᠤ ᠷᠦᠨ ᠰᠢ ᠭᠦᠩ ᡁᠢ ᠴᠢᠶᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠬᠦ ᠶᠢᠨ ᠬᠠᠮᠲᠤ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠠᠴᠠ ᠬᠥᠯᠥᠨ ᠪᠤᠶᠢᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠳᠡᠮᠵᠢᠯᠭᠡ ᠦᠵᠡᠭᠦᠯᠦᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠤᠢᠢᠷ᠎ᠠ ᠶᠢᠨ ᠵᠢᠯ ᠳᠤ ᠬᠥᠯᠥᠨ ᠪᠤᠶᠢᠷ ᠬᠤᠳᠠ ᠶᠢᠨ ᠡᠯ᠎ᠡ ᠲᠦᠷᠦᠯ ᠤᠨ ᠠᠵᠢᠯ ᠦᠢᠯᠡᠰ ᠤᠨ ᠬᠥᠭᠵᠢᠯᠲᠡ ᠨᠡᠯᠢᠶᠡᠳ ᠰᠠᠶᠢᠨ ᠪᠠᠶᠢᠳᠠᠯ ᠢᠶᠠᠨ ᠪᠠᠲᠤᠯᠠᠵᠤ ᠪᠤᠢ᠂ ᠣᠳᠣᠬᠠᠨ ᠳᠤ᠂ ᠪᠢᠳᠡ ᠶᠠᠭ ᠳᠠᠪᠠᠭᠤᠯᠢᠭ ᠤᠨᠴᠠᠯᠢᠬᠳᠤ ᠠᠵᠤ ᠦᠢᠯᠡᠰ ᠢ ᠪᠦᠬᠦ ᠬᠦᠴᠦᠨ ᠢᠶᠠᠷ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠮᠥᠩᠭᠦᠨ ᠭᠦᠢᠯᠭᠡᠭᠡᠨ ᠤ ᠬᠥᠭᠵᠢᠯᠲᠡ ᠶᠢᠨ ᠣᠷᠴᠢᠨ ᠢ ᠦᠷᠭᠦᠯᠵᠢᠯᠡᠨ ᠰᠢᠯᠢᠳᠡᠭᠵᠢᠭᠦᠯᠵᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠬᠥᠭᠵᠢᠭᠡᠵᠦ ᠪᠠᠶᠢᠨ᠎ᠠ᠃ ᠳᠤᠮᠳᠠᠳᠤ ᠤᠯᠤᠰ ᠤᠨ ᠲᠠᠷᠢᠶᠠᠯᠠᠩ ᠤᠨ  ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠯᠤᠭ᠎ᠠ ᠥᠨᠳᠥᠷ ᠪᠦᠲᠦᠮᠵᠢᠲᠡᠢ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠴᠢᠬᠤᠯᠠ ᠶᠡᠭᠡ ᠲᠦᠷᠦᠯ ᠵᠦᠢᠯ᠂ ᠭᠤᠣᠯᠳᠠᠯᠭ᠎ᠠ ᠲᠠᠢ ᠠᠵᠤ ᠠᠬᠤᠶᠢᠯᠠᠯ ᠪᠣᠯᠤᠨ ᠨᠡᠶᠢᠭᠡᠮ ᠤᠨ ᠠᠷᠠᠳ ᠤᠨ ᠠᠮᠢᠳᠤᠷᠠᠯ ᠵᠡᠷᠭᠡ ᠲᠠᠯ᠎ᠠ ᠶᠢᠨ ᠲᠣᠭᠤᠷᠢᠨ ᠳᠤ ᠬᠥᠭᠵᠢᠯᠲᠡ ᠶᠢᠨ ᠰᠢᠨ᠎ᠡ ᠬᠦᠷᠢᠶ᠎ᠡ ᠴᠠᠷᠠᠭ᠎ᠠ᠂ ᠰᠢᠨ᠎ᠡ ᠵᠠᠭᠪᠤᠷ ᠢ ᠬᠠᠮᠲᠤ ᠪᠠᠷ ᠰᠦᠪᠡᠭᠴᠢᠯᠡᠵᠦ᠂ ᠨᠡᠩ ᠤᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ᠂ ᠮᠥᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠬᠦᠳᠦᠯᠥᠨ ᠳᠠᠭᠠᠭᠤᠯᠵᠤ ᠪᠠᠶᠢᠭᠠᠳ ᠪᠣᠳᠠᠲᠤ ᠴᠣᠭᠴᠠ ᠶᠢᠨ ᠠᠵᠤ ᠠᠬᠤᠢ ᠲᠡᠶᠢᠰᠢ ᠲᠥᠪᠯᠡᠷᠡᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠵᠢᠯᠴᠠᠨ ᠬᠥᠭᠵᠢᠬᠦ ᠰᠠᠶᠢᠨ ᠰᠠᠶᠢᠬᠠᠨ ᠪᠠᠶᠢᠳᠠᠯ ᠢ ᠪᠡᠶᠡᠯᠡᠭᠦᠯᠬᠦ ᠶᠢ ᠬᠦᠰᠡᠪᠡ᠃
20240603-1-2.jpg
       ᠭᠦᠩ ᡁᠢ ᠴᠢᠶᠠᠩ᠂ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠪᠣᠯᠤᠨ ᠬᠥᠯᠥᠨ ᠪᠤᠶᠢᠷ ᠬᠤᠲᠠ ᠮᠠᠰᠢ ᠰᠠᠶᠢᠨ ᠬᠠᠮᠲᠤᠷᠠᠯᠴᠠᠭᠠᠨ ᠤ ᠰᠠᠭᠤᠷᠢ ᠲᠠᠢ ᠶᠤᠮ᠂ ᠳᠠᠷᠠᠭᠠᠴᠢ ᠶᠢᠨ ᠠᠯᠬᠤᠮ ᠳᠤ ᠣᠷᠣᠨ ᠨᠤᠲᠤᠭ ᠤᠨ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠢ ᠠᠭᠤᠰᠤᠯᠴᠠᠵᠤ᠂ ᠲᠦᠷᠦ ᠶᠢᠨ ᠪᠤᠳᠤᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠡᠭᠦᠷᠭᠡ ᠴᠢᠳᠠᠪᠬᠢ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠡᠩ ᠤᠯᠠᠨ ᠬᠠᠮᠲᠤᠷᠠᠯᠴᠠᠭᠠᠨ ᠤ ᠲᠦᠷᠦᠯ ᠵᠦᠢᠯ ᠢ ᠲᠥᠯᠥᠪᠵᠢᠭᠦᠯᠵᠦ᠂ ᠬᠥᠯᠥᠨ ᠪᠤᠶᠢᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠪᠡ᠃        ᠬᠤᠳᠠ ᠶᠢᠨ ᠤᠳᠤᠷᠢᠳᠤᠯᠭ᠎ᠠ ᠬᠤ᠋ ᠵᠤᠤ ᠮᠢᠨ᠂ ᠼᠦᠩ ᠸᠧᠨ ᠵᠢᠶᠠᠨ᠂ ᠵᠠᠩ ᠴᠤᠸᠠᠨ ᠬᠤᠸᠠ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ