ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠤᠯᠤᠰ ᠤᠨ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠪᠠ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠭ᠊ ᠲᠣᠬᠠᠢ‌‍ᠤ᠋ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/4
       5 ᠳ᠋ᠤᠭᠠᠷ ᠰᠠᠷ᠎ᠠ ᠶᠢᠨ 31 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠷᠦᠨ ᠰᠢ ᠬᠥᠯᠥᠨ ᠪᠤᠶᠢᠷ ᠬᠤᠲᠠ ᠶᠢᠨ ᠤᠯᠤᠰ ᠤᠨ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠪᠠ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠲᠣᠬᠠᠢ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠳᠡᠭᠡᠳᠦ ᠳᠤᠤᠷᠠᠳᠤ ᠱᠠᠲᠤ ᠶᠢ ᠳᠠᠶᠢᠴᠢᠯᠠᠨ ᠳᠠᠭᠠᠭᠤᠯᠵᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠴᠢᠩᠭ᠎ᠠ ᠡᠵᠡᠮᠳᠡᠵᠦ᠂ ᠨᠡᠭᠡᠭᠡᠯᠲᠡ ᠶᠢᠨ ᠬᠠᠷᠠᠯᠲᠠ ᠶᠢ ᠲᠣᠭᠲᠠᠭᠠᠵᠤ᠂ ᠣᠷᠣᠨ ᠪᠦᠰᠡ ᠶᠢᠨ ᠨᠡᠭᠡᠭᠡᠯᠲᠡ ᠶᠢᠨ ᠪᠠᠶᠢᠷᠢᠰᠢᠭᠤᠯᠤᠯᠲᠠ ᠪᠣᠯᠤᠨ ᠬᠥᠭᠵᠢᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠪᠣᠭᠤᠮᠲᠠ ᠶᠢᠨ ᠠᠵᠤ ᠠᠬᠤᠶ ᠶᠢᠨ ᠴᠢᠨᠠᠷ ᠴᠢᠨᠰᠠᠭ᠎ᠠ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠥᠨᠳᠥᠷ ᠲᠦᠪᠰᠢᠨ ᠪᠥᠬᠦᠶ ᠨᠡᠭᠡᠭᠡᠯᠲᠡ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
20240604-1-1.jpg
20240604-1-2.jpg
       ᠬᠤᠷᠠᠯ ᠠᠴᠠ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠷᠦᠨ ᠰᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠨᠠᠷ ᠮᠠᠨᠵᠤᠤᠷ ᠪᠣᠭᠤᠮᠲᠠ ᠳᠤ ᠭᠦᠨᠵᠡᠭᠡᠶᠢᠷᠡᠨ ᠮᠠᠨ ᠤ ᠬᠤᠲᠠ ᠶᠢᠨ ᠨᠡᠭᠡᠭᠡᠯᠲᠡ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠨᠡᠭᠡᠭᠡᠯᠲᠡ ᠶᠢᠨ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠬᠤᠷᠠᠯ ᠳᠡᠭᠡᠷ᠎ᠡ᠂ ᠪᠣᠭᠤᠮᠲᠠ ᠶᠢᠨ ᠭᠠᠵᠠᠷ ᠣᠷᠣᠨ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠠᠵᠤ ᠠᠬᠤᠶᠢᠯᠠᠯ ᠵᠢᠴᠢ ᠪᠣᠭᠤᠮᠲᠠ᠂ ᠬᠢᠯᠢ ᠶᠢᠨ ᠪᠠᠶᠢᠴᠠᠭᠠᠯᠲᠠ ᠵᠡᠷᠭᠡ ᠬᠤᠯᠪᠣᠭᠳᠠᠯ ᠪᠥᠬᠦᠶ ᠲᠠᠯ᠎ᠠ ᠶᠢᠨ ᠰᠠᠨᠠᠯ ᠰᠠᠨᠠᠭᠤᠯᠭ᠎ᠠ ᠶᠢ ᠰᠣᠨᠣᠰᠴᠤ᠂ ᠣᠳᠣᠬᠠᠨ ᠤ ᠬᠥᠭᠵᠢᠯᠲᠡ ᠶᠢᠨ ᠪᠠᠶᠢᠳᠠᠯ ᠡᠭᠦᠷᠭᠡ ᠶᠢ ᠭᠦᠨᠵᠡᠭᠡᠶ ᠵᠠᠳᠠᠯᠵᠤ᠂ ᠲᠤᠬᠠᠶ ᠶᠢᠨ ᠲᠠᠯᠠᠪᠤᠷ ᠲᠤ ᠠᠯᠪᠠᠯᠠᠵᠤ ᠪᠠᠶᠢᠭᠠᠳ ᠣᠷᠤᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠰᠢᠢᠳᠪᠦᠷᠢᠯᠡᠵᠦ᠂ ᠭᠠᠳᠠᠭᠠᠳᠤ ᠨᠡᠭᠡᠭᠡᠯᠲᠡ ᠶᠢᠨ ᠲᠦᠪᠰᠢᠨ ᠪᠣᠯᠤᠨ ᠲᠠᠰ ᠳᠠᠪᠬᠤᠷᠭ᠎ᠠ ᠶᠢ ᠳᠡᠭᠡᠭᠰᠢᠯᠡᠭᠦᠯᠬᠦ ᠲᠣᠬᠠᠢ ᠠᠷᠭᠠᠴᠠᠭᠠᠬᠤ ᠠᠷᠭ᠎ᠠ ᠬᠡᠮᠵᠢᠶ᠎ᠡ ᠶᠢ ᠬᠠᠮᠲᠤ ᠪᠠᠷ ᠰᠤᠳᠤᠯᠪᠠ᠃
20240604-1-3.jpg
       ᠭᠤᠤ ᠷᠦᠨ ᠰᠢ᠂ ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠬᠤᠲᠠ ᠶᠢᠨ ᠭᠠᠳᠠᠭᠠᠳᠤ ᠨᠡᠭᠡᠭᠡᠯᠲᠡ ᠶᠢᠨ ᠠᠵᠢᠯ ᠮᠠᠰᠢ ᠰᠠᠶᠢᠨ ᠦᠷ᠎ᠡ ᠪᠦᠲᠦᠮᠵᠢ ᠣᠯᠤᠭᠰᠠᠨ ᠪᠣᠯᠪᠠᠴᠤ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠪᠠᠷ ᠪᠠᠷᠢᠮᠵᠢᠶᠠᠯᠠᠪᠠᠯ ᠮᠥᠨ ᠯᠡ ᠳᠡᠭᠡᠭᠰᠢᠯᠡᠭᠦᠯᠬᠦ ᠣᠷᠣᠨ ᠵᠠᠢ ᠲᠠᠢ ᠪᠠᠶᠢᠵᠤ᠂ ᠦᠵᠡᠯᠲᠡ ᠪᠠᠨ ᠰᠢᠨᠡᠴᠢᠯᠡᠬᠦ ᠪᠠᠷ ᠰᠢᠪᠲᠤᠯᠤᠯᠲᠠ ᠪᠣᠯᠭᠠᠵᠤ᠂ ︽ᠲᠤᠭ᠎ᠠ ᠨᠢ ᠣᠯᠠᠨ ᠴᠢᠨᠠᠷ ᠪᠠᠷᠤᠭᠲᠠᠢ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠴᠢᠬᠤᠯᠠ ᠲᠠᠢ︔ ᠪᠣᠭᠤᠮᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ ᠪᠠᠷ ᠲᠦᠰᠢᠭ ᠪᠣᠯᠭᠠᠵᠤ᠂ ᠴᠤᠭᠯᠠᠷᠠᠯ ᠤᠨ ᠦᠢᠯᠡᠳᠦᠯ ᠭᠦᠢᠴᠡᠳ ᠪᠣᠰᠤ ᠪᠠᠶᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ︔ ᠣᠷᠤᠭᠤᠯᠵᠤ ᠪᠣᠶᠢᠵᠢᠭᠤᠯᠬᠤ ᠪᠠᠷ ᠭᠠᠷᠳᠠᠴᠠ ᠪᠣᠯᠭᠠᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠦᠷᠢᠰᠦᠯᠳᠦᠬᠦ ᠬᠦᠴᠦᠨ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ︔ ᠨᠤᠲᠤᠭᠰᠢᠨ ᠡᠳ᠋ᠰᠢᠭᠦᠯᠬᠦ ᠪᠠᠷ ᠰᠠᠭᠤᠷᠢ ᠪᠣᠯᠭᠠᠵᠤ᠂ ︽ᠬᠦᠩᠭᠡᠨ ᠬᠠᠭᠤᠳᠠᠮ ᠢᠶᠠᠷ ᠦᠩᠭᠡᠷᠡᠭᠦᠯᠬᠦ︾ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠡᠢ᠃
20240604-1-4.jpg
       ᠭᠤᠤ ᠷᠦᠨ ᠰᠢ ᠬᠡᠯᠡᠬᠦ ᠳᠡᠭᠡᠨ᠂ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶ᠎ᠠ ᠶᠢᠨ ᠰᠢᠨ᠎ᠡ ᠶᠢ ᠡᠭᠦᠳᠦᠨ ᠬᠥᠭᠵᠢᠬᠦ ᠶᠢ ᠲᠦᠷᠭᠡᠳᠬᠡᠨ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠨᠠᠶᠢᠳᠠᠪᠤᠷᠢᠵᠢᠭᠤᠯᠵᠤ᠂ ᠪᠣᠭᠤᠮᠲᠠ᠂ ᠬᠠᠷᠢᠶ᠎ᠠ ᠭᠠᠵᠠᠷ ᠣᠷᠤᠨ᠂ ᠠᠵᠤ ᠠᠬᠤᠶᠢᠯᠠᠯ ᠪᠠ ᠬᠢᠯᠢ ᠶᠢᠨ ᠠᠷᠠᠳ ᠤᠨ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠥᠷᠭᠡᠨ ᠢᠶᠠᠷ ᠳᠠᠶᠢᠴᠢᠯᠠᠨ᠂ ᠰᠠᠭᠤᠷᠢ ᠲᠦᠬᠦᠭᠡᠷᠦᠮᠵᠢ ᠶᠢ ᠰᠢᠯᠢᠳᠡᠭᠵᠢᠭᠦᠯᠬᠦ᠂ ᠪᠣᠳᠠᠲᠠᠶᠢᠵᠢᠭᠤᠯᠤᠨ ᠡᠳ᠋ᠰᠢᠭᠦᠯᠬᠦ ᠶᠢ ᠥᠷᠭᠡᠳᠬᠡᠬᠦ᠂ ᠪᠠᠷᠠᠭᠠᠨ ᠤ ᠢᠷᠡᠯᠲᠡ ᠶᠢ ᠲᠥᠪᠯᠡᠷᠡᠭᠦᠯᠦᠨ ᠵᠣᠬᠢᠶᠠᠨ ᠪᠠᠶᠢᠭᠤᠯᠬᠤ᠂ ᠠᠷᠠᠯᠵᠢᠶ᠎ᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ᠂ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠦᠴᠦ ᠲᠠᠯᠪᠢᠵᠤ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶ᠎ᠠ ᠶᠢᠨ ᠪᠠᠭᠲᠠᠭᠠᠮᠵᠢ ᠶᠢ ᠥᠷᠭᠡᠳᠬᠡᠨ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠥᠪᠥᠷ ᠮᠣᠩᠭᠤᠯ ᠤᠨ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠪᠠ ᠦᠢᠯᠡᠴᠢᠯᠡᠵᠦ᠂ ᠪᠦᠬᠦᠯᠢ ᠴᠣᠭᠴᠠ ᠪᠠᠷ ᠪᠠᠶᠢᠷᠢᠰᠢᠭᠤᠯᠵᠤ᠂ ᠣᠷᠤᠨ ᠪᠠᠶᠢᠷᠢ ᠶᠢ ᠰᠣᠯᠪᠢᠴᠠᠭᠤᠯᠤᠨ ᠬᠦᠭᠵᠢᠭᠦᠯᠵᠦ᠂ ᠨᠢᠭᠡ ᠴᠤᠬᠴᠠᠵᠢᠭᠤᠯᠤᠨ ᠪᠦᠳᠦᠭᠡᠨ ᠪᠠᠶᠢᠭᠤᠯᠬᠤ ᠶᠢ ᠪᠠᠷᠢᠮᠲᠠᠯᠠᠵᠤ᠂ ᠪᠣᠭᠤᠮᠲᠠ ᠶᠢᠨ ᠬᠥᠭᠵᠢᠯᠲᠡ ᠶᠢᠨ ᠬᠠᠷᠠᠯᠲᠠ ᠶᠢ ᠨᠠᠷᠢᠯᠢᠬᠵᠢᠭᠤᠯᠤᠨ ᠲᠣᠳᠣᠷᠬᠠᠶᠢᠯᠠᠵᠤ᠂ ᠮᠠᠨᠵᠤᠤᠷ ᠤᠨ ᠶᠡᠷᠦᠩᠬᠡᠶᠢᠯᠡᠭᠰᠡᠨ ᠬᠦᠢᠰᠦ ᠪᠣᠭᠤᠮᠲᠠ ᠪᠠᠶᠢᠭᠤᠯᠬᠤ ᠶᠢ ᠬᠦᠴᠦᠯᠡᠨ ᠳᠡᠮᠵᠢᠵᠦ ᠂ ᠡᠯ᠎ᠡ ᠪᠣᠭᠤᠮᠲᠠ ᠶᠢᠨ ᠵᠦᠷᠢᠶ᠎ᠡ ᠪᠠᠨ ᠬᠠᠷᠢᠯᠴᠠᠨ ᠨᠦᠬᠦᠪᠦᠷᠢᠯᠡᠵᠦ ᠬᠦᠭᠵᠢᠭᠦᠯᠬᠦ ᠶᠢ ᠠᠬᠢᠭᠤᠯᠤᠨ᠂ ᠰᠠᠭᠤᠷᠢ ᠲᠥᠬᠦᠭᠡᠷᠦᠮᠵᠢ ᠶᠢ ᠴᠢᠯᠦᠭᠡᠲᠡᠢ ᠨᠡᠭᠡᠭᠡᠬᠦ᠂ ᠪᠣᠭᠤᠮᠲᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠰᠠᠭᠤᠷᠢᠨ ᠭᠠᠵᠠᠷ ᠵᠡᠷᠭᠡ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠣᠭᠤᠮᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠪᠠᠲᠤᠯᠠᠭ᠎ᠠ᠂ ᠠᠶᠠᠨᠴᠢᠳ ᠪᠠ ᠪᠠᠷᠠᠭ᠎ᠠ ᠦᠩᠭᠡᠷᠡᠬᠦ᠂ ᠡᠬᠢ ᠪᠠᠶᠠᠯᠢᠭ ᠢ ᠬᠤᠪᠢᠷᠠᠭᠤᠯᠬᠤ᠂ ᠵᠠᠬ᠎ᠠ ᠳᠡᠯᠭᠡᠭᠦᠷ ᠢ ᠬᠤᠯᠪᠣᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃
20240604-1-5.jpg
       ᠭᠤᠤ ᠷᠦᠨ ᠰᠢ ᠬᠡᠯᠡᠬᠦ ᠳᠡᠭᠡᠨ᠂ ᠬᠢᠯᠢ ᠬᠢᠵᠠᠭᠠᠷ ᠪᠣᠯᠤᠨ ᠳᠣᠲᠣᠷ᠎ᠠ ᠭᠠᠵᠠᠷ ᠬᠤᠯᠪᠤᠭᠠᠯᠠᠨ ᠬᠥᠳᠡᠯᠦᠯᠴᠡᠵᠦ ᠬᠠᠮᠵᠢᠯᠴᠠᠨ ᠬᠥᠭᠵᠢᠬᠦ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠣᠭᠤᠮᠲᠠ ᠪᠣᠯᠤᠨ ᠡᠯ᠎ᠡ ᠬᠤᠰᠢᠭᠤ ᠬᠤᠳᠠ ᠲᠣᠭᠤᠷᠢᠭ᠂ ᠠᠵᠤ ᠠᠬᠤᠢ ᠶᠢᠨ ᠨᠡᠭᠡᠭᠡᠨ ᠬᠦᠭᠵᠢᠭᠦᠯᠦᠯᠲᠡ ᠶᠢᠨ ᠲᠣᠭᠤᠷᠢᠭ ᠴᠢᠨᠠᠭᠰᠢᠯᠠᠪᠠᠯ ᠨᠡᠩ ᠥᠷᠭᠡᠨ ᠠᠭᠤᠳᠠᠮ ᠤᠯᠤᠰ ᠤᠨ ᠳᠣᠲᠣᠭᠠᠳᠤ ᠶᠢᠨ ᠭᠠᠵᠠᠷ ᠣᠷᠤᠨ ᠯᠤᠭ᠎ᠠ ᠶᠢᠨ ᠠᠵᠤ ᠦᠢᠯᠡᠰ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠭᠠᠵᠠᠷ ᠣᠷᠣᠨ ᠤ ᠵᠠᠬ᠎ᠠ ᠳᠡᠯᠭᠡᠭᠦᠷ ᠪᠣᠯᠤᠨ ᠭᠤᠣᠯᠳᠠᠯᠭ᠎ᠠ ᠲᠠᠢ ᠠᠵᠤ ᠠᠬᠤᠶᠢᠯᠠᠯ ᠲᠠᠢ ᠣᠨᠢᠨ ᠳᠡᠭᠡᠷ᠎ᠡ ᠨᠢ ᠵᠣᠯᠭᠠᠭᠤᠯᠵᠤ᠂ ᠤᠯᠤᠰ ᠤᠨ ᠭᠠᠳᠠᠭᠠᠳᠤ ᠳᠣᠲᠣᠭᠠᠳᠤ ᠶᠢᠨ ᠵᠠᠬ᠎ᠠ ᠳᠡᠯᠭᠡᠭᠦᠷ ᠢ ᠪᠦᠬᠦ ᠬᠦᠴᠦᠨ ᠢᠶᠠᠷ ᠢᠶᠠᠨ ᠥᠷᠭᠡᠳᠬᠡᠵᠦ᠂ ᠪᠣᠭᠤᠮᠲᠠ ᠪᠣᠯᠤᠨ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠵᠤ᠂ ᠴᠢᠳᠠᠮᠵᠢ᠂ ᠵᠠᠬ᠎ᠠ ᠳᠡᠯᠭᠡᠭᠦᠷ᠂ ᠵᠠᠮ ᠬᠠᠷᠢᠯᠴᠠᠭ᠎ᠠ᠂ ᠴᠢᠬᠤᠯᠠ ᠡᠯᠧᠮᠧᠨ᠋ᠲ ᠵᠡᠷᠭᠡ ᠶᠢ ᠨᠡᠶᠢᠳᠬᠡᠨ ᠠᠭᠤᠰᠤᠯᠴᠠᠭᠤᠯᠬᠤ ᠶᠢ ᠪᠡᠶᠡᠯᠡᠭᠦᠯᠵᠦ᠂ ︽ᠪᠣᠭᠤᠮᠲᠠ + ᠬᠦᠷᠢᠶᠡᠯᠡᠩ ᠲᠣᠭᠤᠷᠢᠭ︾᠂ ︽ᠪᠣᠭᠤᠮᠲᠠ + ᠬᠤᠲᠠ︾ ᠵᠡᠷᠭᠡ ᠬᠢᠯᠢ ᠬᠢᠵᠠᠭᠠᠷ ᠪᠠ ᠳᠣᠲᠤᠷ ᠭᠠᠵᠠᠷ ᠤᠨ ᠬᠤᠯᠪᠤᠭᠠᠯᠠᠨ ᠬᠦᠳᠡᠯᠦᠯᠴᠡᠬᠦ ᠬᠦᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠪᠦᠬᠦ ᠣᠷᠣᠨ ᠪᠦᠰᠡ ᠶᠢᠨ ᠨᠡᠭᠡᠭᠡᠯᠲᠡ ᠪᠠᠨ ᠥᠷᠭᠡᠳᠬᠡᠬᠦ ᠶᠢ ᠠᠬᠢᠭᠤᠯᠵᠤ᠂ ᠨᠡᠭᠡᠭᠡᠯᠲᠡ ᠲᠠᠢ ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠵᠦ᠂ ᠬᠢᠯᠢ ᠳᠠᠭᠠᠤ ᠣᠷᠤᠨ ᠤ ᠠᠵᠤ ᠦᠢᠯᠡᠰ ᠤᠨ ᠬᠦᠷᠢᠶᠡᠯᠡᠩ ᠪᠣᠯᠤᠨ ᠲᠥᠪ ᠬᠤᠲᠠ ᠲᠣᠭᠤᠷᠢᠭ ᠲᠤ ᠲᠦᠰᠢᠭᠯᠡᠨ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠢᠶᠠᠷ ᠳᠠᠮᠵᠢᠨ ᠭᠠᠳᠠᠭᠠᠳᠤ ᠠᠴᠠ ᠣᠷᠣᠭᠤᠯᠬᠤ ᠪᠠᠷᠠᠭ᠎ᠠ ᠯᠤᠭ᠎ᠠ ᠬᠤᠯᠪᠣᠭᠳᠠᠬᠤ ᠬᠡᠮᠵᠢᠶ᠎ᠡ ᠪᠠᠷ ᠥᠨᠳᠥᠷ ᠠᠵᠤ ᠦᠢᠯᠡᠰ ᠢ ᠬᠥᠭᠵᠢᠭᠦᠯᠦᠨ ᠪᠣᠵᠠᠭᠠᠶᠢᠷᠠᠭᠤᠯᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠢ ᠴᠢᠭᠯᠡᠭᠦᠯᠬᠦ ᠴᠢᠨᠠᠷᠲᠠᠢ ᠪᠠᠷ ᠤᠷᠢᠵᠤ᠂ ᠢᠵᠢ ᠪᠦᠷᠢᠳᠦᠭᠦᠯᠬᠦ ᠲᠦᠷᠦᠯ ᠵᠦᠢᠯ ᠢ ᠲᠦᠯᠦᠪᠯᠡᠵᠦ᠂ ᠭᠠᠳᠠᠭᠠᠳᠤ ᠶᠢᠨ ᠪᠡᠯᠡ ᠶᠢ ᠲᠠᠷᠢᠶᠠᠯᠠᠩ ᠮᠠᠯ ᠠᠵᠤ ᠠᠬᠤᠶ ᠶᠢ ᠨᠠᠷᠢᠯᠢᠭ ᠪᠣᠯᠪᠠᠰᠤᠷᠠᠭᠤᠯᠬᠤ᠂ ᠲᠡᠷᠢᠭᠦᠨ ᠤ ᠦᠢᠯᠡᠳᠬᠦ ᠦᠢᠯᠡᠰ᠂ ᠬᠢᠯᠢ ᠠᠯᠤᠰᠯᠠᠭᠰᠠᠨ ᠵᠢᠭᠤᠯᠴᠢᠯᠠᠯ ᠵᠡᠷᠭᠡ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠬᠦᠷᠢᠶᠡᠨ ᠳᠤ ᠤᠷᠢᠵᠤ ᠣᠷᠤᠭᠤᠯᠤᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ᠂ ᠠᠷᠠᠯᠵᠢᠶᠠᠨ ᠤ ᠦᠵᠡᠭᠦᠯᠭᠡ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠪᠠᠷ ᠪᠣᠶᠢᠵᠢᠭᠤᠯᠤᠨ ᠪᠣᠵᠠᠭᠠᠶᠢᠷᠠᠭᠤᠯᠵᠤ᠂ ᠬᠠᠮᠢᠶ᠎ᠠ ᠪᠦᠬᠦᠢ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠢᠳᠡᠪᠬᠢᠲᠡᠶ ᠪᠠᠷ ᠰᠠᠨᠠᠭᠠᠴᠢᠯᠠᠭ᠎ᠠ ᠠᠴᠠ ᠪᠠᠨ ᠵᠠᠬ᠎ᠠ ᠳᠡᠯᠭᠡᠭᠦᠷ ᠨᠡᠭᠡᠭᠡᠬᠦ᠂ ᠪᠡᠯᠡ ᠣᠷᠣᠭᠤᠯᠤᠯᠲᠠ ᠪᠠᠨ ᠨᠡᠮᠡᠭᠳᠡᠭᠦᠯᠬᠦ᠂ ᠦᠢᠯᠡᠳᠪᠦᠷᠢᠯᠡᠯ ᠢᠶᠠᠨ ᠥᠷᠭᠡᠳᠬᠡᠬᠦ᠂ ᠬᠤᠪᠢ ᠶᠢᠨ ᠲᠤᠭ᠎ᠠ ᠶᠢ ᠵᠠᠪᠳᠤᠨ ᠡᠵᠡᠯᠡᠭᠦᠯᠵᠦ᠂ ᠭᠠᠷ ᠳᠠᠮᠵᠢᠭᠰᠠᠨ ᠮᠠᠰᠢᠨ ᠲᠡᠷᠭᠡᠨ ᠤ ᠭᠠᠳᠠᠭᠠᠳᠤ ᠭᠠᠷᠭᠠᠯᠲᠠ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢᠶᠠᠷ ᠭᠠᠳᠠᠭᠠᠳᠤ ᠠᠷᠠᠯᠵᠢᠶ᠎ᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠦᠷᠭᠦᠯᠵᠢᠯᠡᠨ ᠬᠦᠭᠵᠢᠭᠡᠨ ᠳᠠᠶᠢᠴᠢᠯᠠᠬᠤ ᠬᠡᠷᠡᠭᠲᠡᠢ ᠭᠡᠵᠡᠢ᠃       ᠭᠤᠤ ᠷᠦᠨ ᠰᠢ᠂ ᠪᠥᠬᠦ ᠬᠤᠲᠠ ᠪᠠᠷ ᠢᠶᠠᠨ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠪᠠ ᠥᠪᠡᠷᠲᠡᠭᠡᠨ ᠵᠠᠰᠠᠬᠤ ᠣᠷᠣᠨ ᠤ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠲᠠᠪᠠᠯᠳᠠᠳᠤ ᠬᠥᠭᠵᠢᠯᠲᠡ ᠶᠢ ᠠᠬᠢᠭᠤᠯᠬᠤ ᠵᠡᠷᠭᠡ ᠠᠰᠢᠭᠲᠠᠶ ᠠᠵᠠ ᠲᠣᠬᠢᠶᠠᠯ ᠢ ᠠᠮᠵᠢᠨ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠪᠣᠭᠤᠮᠲᠠ ᠶᠢᠨ ᠬᠥᠭᠵᠢᠯᠲᠡ ᠶᠢᠨ ᠪᠣᠭᠤᠮᠢ ᠶᠢ ᠲᠦᠷᠭᠡᠨ ᠰᠢᠢᠳᠪᠦᠷᠢᠯᠡᠵᠦ᠂ ᠬᠠᠲᠠᠭᠤ ᠲᠣᠨᠤᠭ ᠵᠥᠭᠡᠯᠡᠨ ᠲᠣᠨᠤᠭ ᠢ ᠵᠡᠷᠭᠡ ᠪᠠᠷ ᠠᠳᠬᠤᠬᠤ ᠶᠢ ᠬᠠᠮᠵᠢᠯᠴᠠᠨ ᠠᠬᠢᠭᠤᠯᠵᠤ᠂ ᠳᠣᠲᠣᠭᠠᠳᠤ ᠭᠠᠳᠠᠭᠠᠳᠤ ᠬᠠᠷᠢᠯᠴᠠᠨ ᠬᠦᠳᠡᠯᠦᠯᠴᠡᠨ ᠬᠠᠮᠲᠤ ᠪᠠᠷ ᠬᠦᠭᠵᠢᠬᠦ ᠶᠢ ᠠᠬᠢᠭᠤᠯᠵᠤ᠂ ᠪᠣᠭᠤᠮᠲᠠ ᠪᠣᠯᠤᠨ ᠳᠣᠲᠤᠷ ᠭᠠᠵᠠᠷ ᠢ ᠬᠠᠮᠲᠤ ᠪᠠᠷ ᠬᠦᠭᠵᠢᠭᠦᠯᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠂ ᠪᠣᠳᠠᠲᠠᠶ ᠶᠢ ᠡᠷᠬᠢᠮᠯᠡᠵᠦ ᠳᠠᠬᠢᠨ ᠠᠵᠢᠯᠯᠠᠬᠤ ᠪᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ᠂ ᠮᠥᠷᠳᠡᠨ ᠲᠣᠬᠢᠷᠠᠭᠤᠯᠬᠤ ᠳᠠᠭᠠᠨ ᠡᠷᠬᠡᠪᠰᠢ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠭᠠᠳᠠᠭᠠᠳᠤ ᠶᠢ ᠬᠤᠯᠪᠣᠭᠰᠠᠨ᠂ ᠬᠦᠷᠰᠢ ᠵᠡᠷᠭᠡᠯᠡᠳᠡᠭᠡ ᠭᠠᠵᠠᠷ ᠣᠷᠤᠨ ᠢ ᠬᠠᠮᠤᠷᠠᠭᠰᠠᠨ᠂ ᠡᠬᠢ ᠪᠠᠶᠠᠯᠢᠭ ᠢ ᠲᠦᠪᠯᠡᠷᠡᠭᠦᠯᠦᠨ ᠲᠠᠷᠬᠠᠭᠠᠭᠰᠠᠨ᠂ ᠴᠢᠬᠤᠯᠠ ᠵᠦᠢᠯ ᠢ ᠠᠭᠤᠰᠤᠯᠴᠠᠭᠤᠯᠤᠨ ᠨᠡᠪᠲᠡᠷᠡᠯᠴᠡᠭᠦᠯᠦᠭᠰᠡᠨ ᠪᠦᠬᠦ ᠬᠦᠷᠢᠶ᠎ᠡ ᠴᠠᠷᠠᠭᠠᠨ ᠤ ᠨᠡᠭᠡᠭᠡᠯᠲᠡ ᠶᠢᠨ ᠲᠠᠪᠴᠠᠩ ᠢ ᠪᠠᠶᠢᠭᠤᠯᠬᠤ ᠳᠤ ᠬᠥᠯᠥᠨ ᠪᠤᠶᠢᠷ ᠤᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠬᠦᠯᠦᠨ ᠪᠤᠶᠢᠷ ᠤᠨ ᠡᠳᠦᠷ ᠤᠨ ᠰᠤᠨᠢᠨ