ᠰᠦᠨ ᠱᠤᠤ ᠴᠧᠩ ᠸᠠᠩ ᠯᠢ ᠰᠢᠶᠠ ᠳᠤᠮᠳᠠᠳᠤ ᠤᠯᠤᠰ ᠤᠨ ᠤᠯᠠᠠ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠳᠠᠷᠤᠭ᠎ᠠ ᠷᠧᠨ ᠬᠤᠩ ᠪᠢᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/6/7
       6 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠷᠧᠨ ᠬᠤᠩ ᠪᠢᠨ ᠲᠠᠢ ᠠᠭᠤᠯᠵᠠᠪᠠ᠃
20240607-1-1.jpg
       ᠰᠦᠨ ᠱᠤᠤ ᠴᠧᠩ ᠷᠧᠨ ᠬᠤᠩ ᠪᠢᠨ ᠨᠠᠷ ᠢ ᠪᠠᠶᠠᠷᠯᠠᠨ ᠤᠭᠲᠤᠵᠤ᠂ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠥᠪᠥᠷ ᠮᠣᠩᠭᠤᠯ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠲᠡᠦᠬᠡᠨ ᠳᠡᠭᠡᠷ᠎ᠡ ᠥᠪᠥᠷ ᠮᠣᠩᠭᠤᠯ ᠪᠣᠯ ᠳᠠᠷᠤᠢ ︽ᠲᠠᠯ᠎ᠠ ᠨᠤᠲᠤᠭ ᠤᠨ ᠲᠣᠷᠭᠠᠨ ᠵᠠᠮ︾ ᠪᠠ ︽ᠲᠦᠮᠡᠨ ᠭᠠᠵᠠᠷ ᠤᠨ ᠴᠠᠢ ᠶᠢᠨ ᠵᠠᠮ︾ ᠤᠨ ᠴᠢᠬᠤᠯᠠ ᠬᠦᠢᠰᠦ ᠪᠠ ᠨᠡᠪᠲᠡᠷᠡᠬᠦ ᠵᠠᠮ ᠮᠥᠨ᠂ ᠨᠡᠭᠡᠭᠡᠯᠲᠡ ᠬᠢᠬᠦ ᠤᠳᠤᠮᠰᠢᠯ ᠪᠠ ᠳᠠᠪᠠᠭᠤᠯᠢᠭ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠪᠢᠳᠡᠨ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢᠨ ᠨᠢᠭᠡ ᠪᠣᠯ ᠳᠠᠷᠤᠢ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠶᠠᠪᠤᠳᠠᠯ ᠪᠣᠯᠣᠨ᠎ᠠ᠃ ᠪᠢᠳᠡ ᠶᠠᠭ ᠠᠷᠭ᠎ᠠ ᠪᠦᠭᠦᠨ ᠢ ᠰᠦᠪᠡᠭᠴᠢᠯᠡᠨ ᠳᠣᠲᠣᠭᠠᠳᠤ ᠭᠠᠳᠠᠭᠠᠳᠤ ᠨᠡᠭᠡᠭᠡᠯᠲᠡ ᠶᠢ ᠥᠷᠭᠡᠳᠬᠡᠵᠦ ᠪᠠᠶᠢᠨ᠎ᠠ᠂ ᠣᠳᠣ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠬᠤᠷᠳᠤᠴᠠ ᠲᠣᠩ ᠲᠦᠷᠭᠡᠨ ᠪᠣᠯᠤᠭᠰᠠᠨ ᠪᠤᠯᠪᠠᠴᠤ ᠪᠠᠭᠲᠠᠭᠠᠮᠵᠢ ᠨᠢ ᠨᠡᠯᠢᠶᠡᠳ ᠪᠠᠭ᠎ᠠ᠂ ᠨᠡᠭᠡᠭᠡᠯᠲᠡ ᠶᠢᠨ ᠲᠦᠪᠰᠢᠨ ᠨᠢ ᠪᠠᠰᠠ ᠥᠨᠳᠥᠷ ᠪᠢᠰᠢ ᠶᠤᠮ᠃ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠬᠢᠨ ᠲᠠᠪᠴᠠᠩ᠂ ᠴᠢᠳᠠᠪᠤᠷᠢᠲᠠᠨ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠢᠳᠡᠨ ᠳᠤ ᠢᠯᠡᠭᠦᠬᠡᠨ ᠠᠷᠭ᠎ᠠ ᠤᠬᠠᠭᠠᠨ ᠭᠠᠷᠭᠠᠵᠤ᠂ ᠪᠢᠳᠡᠨ ᠳᠤ ᠢᠯᠡᠭᠦᠬᠡᠨ ᠬᠥᠭᠦᠷᠭᠡ ᠬᠤᠯᠪᠣᠭᠠᠰᠤ ᠪᠣᠯᠵᠤ᠂ ᠪᠢᠳᠡᠨ ᠢ ᠬᠠᠪᠰᠤᠷᠤᠨ ᠨᠡᠩ ᠤᠯᠠᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠨᠡᠩ ᠤᠯᠠᠨ ᠬᠥᠮᠥᠰ ᠤᠨ ᠠᠩᠬᠠᠷᠤᠯ ᠢ ᠲᠠᠲᠠᠵᠤ ᠠᠷᠠᠯᠵᠢᠶᠠᠨ ᠤ ᠬᠥᠭᠵᠢᠶᠡᠨᠲᠦ ᠪᠠᠶᠢᠳᠠᠯ ᠢ ᠪᠤᠢ ᠪᠤᠯᠭᠠᠵᠤ᠂ ᠨᠡᠭᠡᠭᠡᠯᠲᠡᠲᠤ ᠬᠥᠭᠵᠢᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠶᠢ ᠬᠦᠰᠡᠵᠦ ᠪᠠᠶᠢᠨ᠎ᠠ ᠭᠡᠵᠦ ᠬᠡᠯᠡᠪᠡ᠃
20240607-1-2.jpg
       ᠷᠧᠨ ᠬᠤᠩ ᠪᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠲᠣᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠪᠠᠷ ᠳᠡᠮᠵᠢᠨ ᠪᠢᠳᠡ ᠥᠪᠥᠷ ᠮᠣᠩᠭᠤᠯ ᠤᠨ ᠣᠳᠣᠬᠠᠨ ᠤ ᠬᠥᠭᠵᠢᠯᠲᠡ ᠶᠢᠨ ᠪᠠᠶᠢᠳᠠᠯ ᠮᠠᠰᠢ ᠰᠠᠶᠢᠨ ᠪᠠᠶᠢᠬᠤ ᠶᠢ ᠦᠨᠡᠨ ᠬᠦ ᠣᠶᠢᠯᠠᠭᠠᠪᠠ᠃ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠨᠢ ᠵᠠᠰᠠᠭ ᠠᠵᠤ ᠠᠬᠤᠶᠢᠯᠠᠯ ᠢ ᠬᠤᠯᠪᠣᠯᠳᠤᠨ ᠨᠡᠪᠲᠡᠷᠡᠯᠴᠡᠭᠦᠯᠬᠦ᠂ ᠳᠣᠲᠣᠭᠠᠳᠤ ᠭᠠᠳᠠᠭᠠᠳᠤ ᠶᠢ ᠠᠭᠤᠰᠤᠯᠴᠠᠭᠤᠯᠤᠨ ᠨᠡᠪᠲᠡᠷᠡᠯᠴᠡᠭᠦᠯᠬᠦ᠂ ᠬᠠᠩᠭᠠᠯᠭ᠎ᠠ ᠬᠡᠷᠡᠭᠴᠡᠭᠡ ᠶᠢ ᠰᠠᠭᠠᠳ ᠦᠭᠡᠢ ᠨᠡᠪᠲᠡᠷᠡᠭᠦᠯᠬᠦ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠤᠮᠳᠠᠳᠤ ᠤᠯᠤᠰ ᠤᠨ ᠤᠯᠠᠨ ᠤᠯᠤᠰ ᠤᠨ ᠬᠠᠩᠭᠠᠯᠭ᠎ᠠ ᠶᠢᠨ ᠬᠡᠯᠬᠢᠶ᠎ᠡ ᠶᠢ ᠠᠬᠢᠭᠤᠯᠬᠤ ᠦᠵᠡᠰᠭᠦᠯᠡᠩ ᠤᠨ ᠴᠤᠭᠯᠠᠭᠠᠨ ᠵᠡᠷᠭᠡ ᠴᠢᠬᠤᠯᠠ ᠲᠠᠪᠴᠠᠩ ᠳᠤ ᠲᠦᠰᠢᠭᠯᠡᠨ᠂ ᠥᠪᠥᠷ ᠮᠣᠩᠭᠤᠯ ᠤᠨ ᠰᠣᠶᠣᠯ ᠤᠨ ᠪᠠᠶᠢᠭᠤᠯᠤᠯᠲᠠ ᠪᠠ ᠠᠵᠤ ᠠᠬᠤᠢ ᠠᠷᠠᠯᠵᠢᠶᠠᠨ ᠤ ᠬᠥᠭᠵᠢᠯᠲᠡ ᠶᠢᠨ ᠦᠷ᠎ᠡ ᠪᠦᠲᠦᠭᠡᠯ ᠢ ᠭᠦᠢᠴᠡᠳ ᠳᠡᠯᠭᠡᠨ ᠦᠵᠡᠭᠦᠯᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠠᠵᠤ ᠠᠬᠤᠶᠢᠯᠠᠯ ᠢ ᠢᠳᠡᠪᠬᠢᠲᠡᠢ ᠤᠬᠠᠭᠤᠯᠤᠨ ᠲᠠᠨᠢᠯᠴᠠᠭᠤᠯᠵᠤ᠂ ᠲᠡᠳᠡᠨ ᠢ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠰᠢᠨ᠎ᠡ ᠶᠢ ᠡᠭᠦᠳᠬᠦ ᠬᠡᠯᠬᠢᠶ᠎ᠡ ᠳᠤ ᠨᠡᠩ ᠰᠠᠶᠢᠲᠤᠷ ᠠᠭᠤᠰᠤᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠭᠠᠷᠴᠤ ᠶᠠᠪᠤᠬᠤ︾ ᠪᠠ ︽ᠣᠷᠣᠭᠤᠯᠤᠨ ᠠᠪᠴᠢᠷᠠᠬᠤ︾ ᠳᠤ ᠨᠡᠩ ᠰᠠᠶᠢᠲᠤᠷ ᠬᠦᠴᠦᠨ ᠨᠡᠮᠡᠷᠢᠯᠡᠨ᠎ᠡ ᠭᠡᠵᠦ ᠬᠡᠯᠡᠪᠡ᠃       ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠶᠠᠩ ᠶᠢᠨ ᠠᠭᠤᠯᠵᠠᠯᠲᠠ ᠳᠤ ᠣᠷᠣᠯᠴᠠᠵᠠᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ