ᠡᠷᠳᠡᠨᠢ ᠰᠢᠰᠢ ᠶᠢᠨ ᠲᠠᠷᠢᠶᠠᠨ ᠠᠴᠠ ᠲᠣᠮᠣ ᠯᠤᠤ ᠰᠠᠮ ᠢᠯᠡᠷᠡᠵᠡᠢ᠂ ᠶᠠᠮᠠᠷ ᠤᠴᠢᠷ ᠪᠣᠯᠪᠠ︖
ᠨᠡᠶᠢᠲᠡᠯᠡᠭᠰᠡᠨ ᠴᠠᠭ᠄
2024/7/10
       ᠦᠨᠡᠨ ᠳᠡᠭᠡᠨ ᠲᠡᠯᠡᠶ ᠲᠠᠩᠭᠢᠰ ᠲᠤ ᠪᠠᠶᠢᠳᠠᠭ ᠲᠣᠮᠣ ᠯᠤᠤ ᠰᠠᠮ ᠶᠠᠭᠠᠬᠢᠭᠠᠳ ᠦᠦᠷ ᠴᠠᠶᠢᠬᠤ ᠶᠢᠨ ᠦᠶ᠎ᠡ ᠪᠠᠷ ᠭᠡᠨᠡᠳᠲᠡ ᠬᠢᠯᠢ ᠶᠢᠨ ᠱᠤᠭᠤᠮ ᠤᠨ ᠣᠶᠢᠷᠠᠯᠴᠠᠭ᠎ᠠ ᠡᠷᠳᠡᠨᠢ ᠰᠢᠰᠢ ᠶᠢᠨ ᠲᠠᠷᠢᠶᠠᠨ ᠳᠤ ᠢᠯᠡᠷᠡᠭᠰᠡᠨ ᠪᠣᠶ︖       ᠰᠤᠷᠪᠤᠯᠵᠢᠯᠠᠭᠴᠢ 7 ᠰᠠᠷ᠎ᠠ ᠶᠢᠨ 4 ᠤ ᠡᠳᠦᠷ ᠭᠤᠸᠠᠩᠰᠢ ᠶᠢᠨ ᠬᠢᠯᠢ ᠶᠢᠨ ᠪᠠᠶᠢᠴᠠᠭᠠᠯᠲᠠ ᠶᠢᠨ ᠶᠡᠷᠦᠩᠬᠡᠢ ᠥᠷᠲᠡᠭᠡᠨ ᠤ ᠪᠠᠢ ᠰᠧ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠢᠯᠢ ᠶᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠬᠢᠯᠢ ᠶᠢᠨ ᠬᠠᠷᠢᠶ᠎ᠠ ᠣᠷᠣᠨ ᠳᠠᠬᠢ ᠡᠷᠳᠡᠨᠢ ᠰᠢᠰᠢ  ᠶᠢᠨ ᠲᠠᠷᠢᠶᠠᠨ ᠠᠴᠠ ᠨᠢᠭᠤᠴᠠ ᠪᠠᠷ ᠠᠷᠠᠯᠵᠢᠶᠠᠯᠠᠵᠤ ᠬᠢᠯᠢ ᠪᠠᠷ ᠣᠷᠣᠵᠤ ᠢᠷᠡᠭᠰᠡᠨ ᠨᠢᠭᠡ ᠪᠦᠯᠦᠭ ᠠᠮᠢᠳᠤ ᠯᠤᠤ ᠰᠠᠮ ᠢ ᠪᠠᠶᠢᠴᠠᠭᠠᠵᠤ ᠭᠠᠷᠭᠠᠵᠠᠢ᠃       ᠲᠤᠬᠠᠢ ᠶᠢᠨ ᠡᠳᠦᠷ ᠤᠨ 4 ᠴᠠᠭ ᠤᠨ ᠦᠶ᠎ᠡ ᠪᠠᠷ᠂ ᠲᠣᠰ ᠭᠠᠵᠠᠷ ᠤᠨ ᠴᠠᠭᠳᠠᠭ᠎ᠠ ᠬᠢᠯᠢ ᠶᠢᠨ ᠨᠢᠭᠡᠨ ᠵᠠᠮ ᠤᠨ ᠬᠡᠰᠡᠭ ᠢᠶᠠᠷ ᠲᠣᠭᠤᠷᠢᠨ ᠴᠠᠭᠳᠠᠵᠤ ᠪᠠᠶᠢᠬᠤ ᠳᠤ᠂ ᠡᠷᠳᠡᠨᠢ ᠰᠢᠰᠢ ᠶᠢᠨ ᠲᠠᠷᠢᠶᠠᠨ ᠳᠤ ᠨᠢᠭᠡᠨ ᠰᠠᠭᠤᠳᠠᠯ ᠤᠨ ᠮᠠᠰᠢᠨ ᠲᠡᠷᠭᠡ ᠵᠣᠭᠰᠣᠵᠤ᠂ ᠲᠡᠷᠭᠡᠨ ᠡᠭᠦᠳᠡ ᠨᠢ ᠨᠡᠭᠡᠭᠡᠭᠳᠡᠵᠦ᠂ ᠠᠷᠤ ᠶᠢᠨ ᠳ᠋ᠧᠩ ᠨᠢ ᠴᠦ ᠨᠡᠶᠢᠳᠡᠮ ᠭᠡᠷᠡᠯᠲᠦᠵᠦ ᠪᠠᠶᠢᠬᠤ ᠶᠢ ᠣᠯᠵᠤ ᠦᠵᠡᠭᠡᠳ ᠲᠡᠷᠭᠡ ᠶᠢ ᠪᠠᠶᠢᠴᠠᠭᠠᠵᠠᠢ᠃ ᠲᠡᠷᠭᠡᠨ ᠳᠣᠲᠣᠷ᠎ᠠ ᠨᠢᠭᠡ ᠴᠦ ᠬᠥᠮᠥᠨ ᠪᠠᠶᠢᠬᠤ ᠦᠭᠡᠢ᠂ ᠠᠷᠤ ᠮᠥᠷ ᠤᠨ ᠰᠠᠭᠤᠳᠠᠯ ᠳᠤ ᠨᠢ ᠨᠣᠭᠤᠭᠠᠨ ᠥᠩᠭᠡ ᠲᠠᠢ ᠨᠡᠬᠡᠮᠡᠯ ᠤᠨ ᠤᠭᠤᠲᠠᠨ ᠲᠤᠳᠤᠷ᠎ᠠ ᠪᠦᠯᠦᠭ ᠬᠥᠭᠡᠰᠦᠨ ᠬᠠᠶᠢᠷᠴᠠᠭ ᠰᠠᠪᠠᠯᠠᠵᠤ᠂ ᠬᠠᠶᠢᠷᠴᠠᠭ ᠳᠣᠲᠣᠷ᠎ᠠ ᠠᠴᠠ ᠪᠠᠶᠢᠨ ᠪᠠᠶᠢᠨ ᠰᠣᠨᠢᠨ ᠵᠢᠭᠲᠡᠢ ᠲᠠᠭᠤ ᠴᠢᠮᠡᠭᠡ ᠭᠠᠷᠴᠤ ᠪᠠᠶᠢᠪᠠ᠃       ᠬᠠᠶᠢᠷᠴᠠᠭ ᠢ ᠨᠡᠭᠡᠭᠡᠭᠰᠡᠨ ᠳᠤ᠂ ᠲᠤᠳᠤᠷ᠎ᠠ ᠨᠢ ᠴᠥᠮ ᠠᠮᠢᠳᠤ ᠲᠣᠮᠣ ᠯᠤᠤ ᠰᠠᠮ᠂ 9 ᠬᠥᠭᠡᠰᠦᠨ ᠬᠠᠶᠢᠷᠴᠠᠭ ᠳᠣᠲᠣᠷ᠎ᠠ ᠨᠡᠶᠢᠲᠡ 88 ᠲᠣᠮᠣ ᠯᠤᠤ ᠰᠠᠮ ᠬᠤᠷᠣᠬᠠᠢ ᠪᠠᠶᠢᠵᠠᠢ᠂ ᠬᠦᠨᠳᠦ ᠨᠢ ᠪᠠᠷᠤᠭ 130 ᠺᠢᠯᠣᠭ᠍ᠷᠠᠮ᠃       ᠬᠡᠷᠡᠭ ᠭᠠᠷᠤᠭᠰᠠᠨ ᠭᠠᠵᠠᠷ ᠨᠢ ᠬᠢᠯᠢ ᠶᠢᠨ ᠣᠶᠢᠷ᠎ᠠ ᠬᠠᠪᠢ ᠳᠤ ᠪᠠᠶᠢᠭ᠎ᠠ ᠪᠦᠭᠡᠳ ᠲᠤᠬᠠᠢ ᠶᠢᠨ ᠲᠠᠯᠠᠪᠠᠶ ᠵᠢᠴᠢ ᠡᠷᠭᠢᠨ ᠲᠣᠭᠤᠷᠢᠨ ᠳᠤ ᠶᠠᠮᠠᠷ ᠴᠤ ᠬᠥᠮᠥᠨ ᠪᠠᠶᠢᠭᠰᠠᠨ ᠦᠭᠡᠢ᠂ ᠲᠤᠰ ᠪᠦᠯᠦᠭ ᠯᠤᠤ ᠰᠠᠮ ᠤᠨ ᠬᠠᠤᠯᠢ ᠶᠣᠰᠣᠨ ᠤ ᠬᠦᠴᠦᠨ ᠪᠦᠬᠦᠢ ᠭᠠᠷ ᠭᠦᠢᠴᠡᠳᠬᠡᠯ ᠢ ᠴᠦ ᠪᠠᠶᠢᠴᠠᠭᠠᠵᠤ ᠣᠯᠣᠭᠰᠠᠨ ᠦᠭᠡᠢ ᠪᠣᠯᠬᠤᠷ ᠠᠷᠠᠳ ᠤᠨ ᠴᠠᠭᠳᠠᠭ᠎ᠠ ᠲᠤᠰ ᠪᠦᠯᠦᠭ ᠠᠮᠢᠳᠤ ᠰᠠᠮ ᠬᠤᠷᠣᠬᠠᠢ ᠶᠢ ᠨᠢᠭᠤᠴᠠ ᠪᠠᠷ ᠠᠷᠠᠯᠵᠢᠶᠠᠯᠠᠵᠤ ᠬᠢᠯᠢ ᠪᠠᠷ ᠣᠷᠣᠵᠤ ᠢᠷᠡᠭᠰᠡᠨ ᠡᠳ᠋ ᠪᠠᠷᠠᠭ᠎ᠠ ᠮᠥᠨ ᠭᠡᠵᠦ ᠠᠩᠬ᠎ᠠ ᠠᠯᠬᠤᠮ ᠮᠠᠭᠠᠳᠯᠠᠪᠠ᠃       ᠣᠳᠣᠬᠠᠨ ᠳᠤ᠂ ᠲᠣᠰ ᠪᠦᠯᠦᠭ ᠠᠮᠢᠳᠤ ᠯᠤᠤ ᠰᠠᠮ ᠢ ᠨᠢᠭᠡᠨᠲᠡ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ᠂ ᠬᠡᠷᠡᠭ ᠢ ᠶᠠᠭ ᠤᠯᠠᠮ ᠨᠢᠭᠡ ᠠᠯᠬᠤᠮ ᠪᠠᠶᠢᠴᠠᠭᠠᠨ ᠰᠢᠢᠳᠪᠦᠷᠢᠯᠡᠵᠦ ᠪᠠᠶᠢᠨ᠎ᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ