ᠣᠯᠠᠨ ᠪᠠᠩᠬᠢ ᠶᠢᠨ ᠬᠢᠨ ᠡᠨᠡ ᠠᠵᠢᠯ ᠢ ᠡᠬᠢᠯᠡᠬᠦᠯᠵᠦ᠂ 2000 ᠲᠦᠮᠡ ᠭᠠᠷᠤᠶ ᠬᠥᠮᠦᠨ ᠳᠤ ᠡᠶᠢᠮᠦ ᠵᠣᠭᠤᠰ ᠢ ᠤᠯᠭᠤᠪᠠ︕
ᠨᠡᠶᠢᠲᠡᠯᠡᠭᠰᠡᠨ ᠴᠠᠭ᠄
2024/7/17
       ᠣᠶᠢᠷ᠎ᠠ ᠳᠤ᠂ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠮᠡᠳᠡᠭᠳᠡᠯ ᠤᠨ ᠪᠢᠴᠢᠭ ᠢ ᠲᠠᠷᠬᠠᠭᠠᠨ ᠶᠠᠪᠤᠭᠤᠯᠬᠤ ᠶᠢᠨ ᠵᠡᠷᠭᠡᠪᠡᠷ᠂ ᠪᠠᠩᠬᠢ ᠶᠢᠨ ᠬᠢᠨ ᠴᠤ 2024 ᠣᠨ ᠤ ᠰᠣᠷᠣᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢᠨ ᠲᠡᠳᠬᠦᠮᠵᠢ ᠶᠢᠨ ᠢᠲᠡᠭᠡᠮᠵᠢᠲᠦ ᠵᠢᠭᠡᠯᠡᠯᠭᠡ ᠶᠢᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠵᠠᠯᠭᠠᠭ᠎ᠠ ᠪᠠᠷ ᠡᠬᠢᠯᠡᠭᠦᠯᠪᠡ᠃       ᠮᠠᠨ ᠤ ᠤᠯᠤᠰ ᠤᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠰᠤᠷᠤᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢᠨ ᠲᠡᠳᠬᠦᠮᠵᠢ ᠶᠢᠨ ᠢᠲᠡᠭᠡᠮᠵᠢᠲᠦ ᠵᠢᠭᠡᠯᠡᠯᠭᠡ ᠪᠣᠯᠤᠨ ᠰᠤᠷᠭᠠᠭᠤᠯᠢ ᠶᠢᠨ ᠬᠦᠷᠢᠶᠡᠨ ᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠭᠡᠵᠦ ᠬᠤᠶᠠᠷ ᠵᠦᠢᠯ ᠬᠤᠪᠢᠶᠠᠵᠤ᠂ ᠭᠡᠷ ᠤᠨ ᠠᠮᠢᠳᠤᠷᠠᠯ ᠨᠢ ᠬᠦᠴᠢᠷᠳᠡᠯᠲᠡᠶ ᠰᠤᠷᠦᠭ᠌ᠴᠢ ᠡᠯᠰᠡᠨ ᠠᠪᠤᠬᠰᠠᠨ ᠮᠡᠳᠡᠭᠳᠡᠯ ᠤᠨ ᠪᠢᠴᠢᠭ ᠢᠶᠠᠨ ᠣᠯᠪᠠᠯ ᠳᠠᠷᠤᠶ ᠰᠤᠷᠤᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢᠨ ᠲᠡᠳᠬᠦᠮᠵᠢ ᠶᠢᠨ ᠢᠲᠡᠭᠡᠮᠵᠢᠲᠦ ᠵᠢᠭᠡᠯᠡᠯᠭᠡ ᠶᠢ ᠭᠤᠶᠤᠴᠢᠯᠠᠵᠤ ᠪᠣᠯᠤᠨ᠎ᠠ᠃ ᠣᠳᠣᠬᠠᠨ ᠳᠤ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠬᠦᠢᠵᠧᠤ᠂ ᠾᠧᠪᠸᠢ᠂ ᠬᠥᠬᠡᠨᠠᠭᠤᠷ᠂ ᠥᠪᠥᠷ ᠮᠣᠩᠭᠤᠯ ᠵᠡᠷᠭᠡ ᠮᠤᠵᠢ ᠣᠷᠣᠨ ᠳᠤ ᠰᠣᠷᠣᠭᠴᠢ ᠶᠢᠨ ᠭᠤᠶᠤᠴᠢᠯᠠᠯ ᠢ ᠨᠢᠭᠡᠨᠲᠡ ᠭᠥᠯᠢᠶᠡᠨ ᠠᠪᠴᠤ ᠰᠢᠢᠳᠪᠦᠷᠢᠯᠡᠵᠦ ᠡᠬᠢᠯᠡᠭᠰᠡᠨ ᠪᠥᠭᠡᠳ ᠪᠤᠰᠤᠳ ᠮᠤᠵᠢ ᠣᠷᠣᠨ ᠴᠤ ᠣᠶᠢᠷ᠎ᠠ ᠳᠤ ᠵᠠᠯᠭᠠᠭ᠎ᠠ ᠪᠠᠷ ᠭᠥᠯᠢᠶᠡᠨ ᠠᠪᠴᠤ ᠰᠢᠢᠳᠪᠦᠷᠢᠯᠡᠵᠦ ᠪᠤᠢ᠃ ᠣᠶᠢᠯᠠᠭᠠᠭᠰᠠᠨ ᠢᠶᠠᠷ᠂ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠠᠴᠠ ᠭᠠᠳᠠᠨ᠎ᠠ᠂ ᠳᠤᠮᠳᠠᠳᠤ ᠤᠯᠤᠰ ᠤᠨ ᠪᠠᠩᠬᠢ ᠵᠡᠷᠭᠡ ᠳᠠᠭᠠᠭᠠᠨ ᠡᠷᠭᠢᠯᠡᠬᠦ ᠪᠠᠩᠬᠢ ᠴᠤ ᠰᠣᠷᠣᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢᠨ ᠲᠡᠳᠬᠦᠮᠵᠢ ᠶᠢᠨ ᠢᠲᠡᠭᠡᠮᠵᠢᠲᠦ ᠵᠢᠭᠡᠯᠡᠯᠭᠡ ᠶᠢᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠵᠦ ᠡᠬᠢᠯᠡᠭᠰᠡᠨ ᠪᠠᠶᠢᠨ᠎ᠠ᠃       ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠴᠤᠯᠤ ᠢᠲᠡᠭᠡᠮᠵᠢ ᠶᠢᠨ ᠠᠷᠭ᠎ᠠ ᠮᠠᠶ᠋ᠢᠭ ᠠᠪᠴᠤ ᠪᠦᠬᠦᠯᠢ ᠡᠳᠦᠷ ᠤᠨ ᠳᠦᠷᠢᠮᠲᠦ ᠣᠶᠤᠲᠠᠨ᠂ ᠠᠰᠫᠢᠷᠠᠨᠲ ᠲᠤ ᠵᠢᠭᠡᠯᠡᠬᠦᠯᠵᠦ᠂ ᠬᠦᠦ ᠶᠢᠨ ᠨᠣᠷᠮ᠎ᠠ ᠨᠢ ᠡᠩ ᠤᠨ ᠵᠢᠭᠡᠯᠡᠯᠭᠡ ᠶᠢᠨ ᠬᠢ ᠠᠴᠠ ᠳᠣᠣᠷ᠎ᠠ ᠪᠦᠭᠡᠳ ᠪᠠᠰᠠ ᠡᠳ᠋ ᠤᠨ ᠵᠠᠰᠠᠭ ᠤᠨ ᠳᠠᠮ ᠬᠦᠦ ᠶᠢ ᠬᠦᠷᠲᠡᠵᠦ ᠪᠣᠯᠤᠨ᠎ᠠ᠃ ᠨᠢᠳᠤᠨᠤᠨ ᠤ ᠵᠢᠯ ᠤᠨ ᠡᠴᠦᠰ ᠪᠣᠯᠬᠤ ᠳᠤ᠂ ᠪᠥᠬᠦ ᠤᠯᠤᠰ ᠲᠤ ᠨᠢᠭᠡᠨᠲᠡ 2000 ᠭᠠᠷᠤᠶ ᠲᠦᠮᠡᠨ ᠰᠣᠷᠣᠭᠴᠢ ᠡᠨᠡ ᠬᠦ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠭᠥᠷᠳᠡᠵᠡᠢ᠃       ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠠᠮᠤᠭ ᠤᠨ ᠤᠷᠲᠤ ᠵᠢᠭᠡᠯᠡᠯᠭᠡ ᠶᠢᠨ ᠬᠤᠭᠤᠴᠠᠭ᠎ᠠ ᠪᠣᠯ 22 ᠵᠢᠯ ᠪᠣᠯᠤᠨ᠎ᠠ᠂ ᠰᠤᠷᠤᠭᠴᠢ ᠶᠢᠨ ᠰᠤᠷᠭᠠᠭᠤᠯᠢ ᠳᠤ ᠪᠠᠶᠢᠭ᠎ᠠ ᠬᠤᠭᠤᠴᠠᠭᠠᠨ ᠤ ᠵᠢᠭᠡᠯᠡᠯᠭᠡ ᠶᠢᠨ ᠬᠦᠦ ᠮᠥᠩᠭᠦ ᠶᠢ ᠪᠦᠬᠦᠨ ᠢ ᠡᠳ᠋ ᠤᠨ ᠵᠠᠰᠠᠭ ᠠᠴᠠ ᠳᠠᠮ ᠬᠦᠦ ᠥᠭᠴᠦ᠂ ᠰᠤᠷᠤᠭᠴᠢ ᠨᠢ ᠬᠦᠦ ᠮᠥᠩᠭᠦ ᠲᠤᠰᠢᠶᠠᠬᠤ ᠭᠡᠷᠡᠭ ᠦᠭᠡᠶ ᠮᠥᠷᠲᠡᠭᠡᠨ ᠡᠬᠡ ᠮᠥᠩᠭᠦ ᠪᠤᠴᠠᠭᠠᠬᠤ ᠭᠡᠷᠡᠭ ᠦᠭᠡᠶ᠃ ᠰᠤᠷᠭᠠᠭᠤᠯᠢ ᠲᠡᠭᠦᠰᠦᠭᠰᠡᠨ ᠤ ᠳᠠᠷᠠᠭ᠎ᠠ ᠪᠠᠰᠠ ᠬᠠᠮᠤᠭ ᠤᠷᠲᠤ ᠳᠠᠭᠠᠨ 5 ᠵᠢᠯ ᠤᠨ ᠡᠬᠡ ᠮᠥᠩᠭᠦ ᠶᠢᠨ ᠲᠥᠯᠥᠪᠦᠷᠢ ᠶᠢᠨ ᠤᠷᠲᠤᠳᠬᠠᠭᠰᠠᠨ ᠬᠤᠭᠤᠴᠠᠭ᠎ᠠ ᠶᠢ ᠡᠳ᠋ᠯᠡᠵᠦ ᠪᠣᠯᠤᠨ᠎ᠠ᠃       ᠨᠢᠳᠤᠨᠤᠨ ᠤ 9 ᠰᠠᠷ᠎ᠠ ᠳᠤ᠂ ᠮᠠᠨ ᠤ ᠤᠯᠤᠰ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠵᠦ᠂ ᠪᠦᠬᠦᠯᠢ ᠡᠳᠦᠷ ᠤᠨ ᠳᠦᠷᠢᠮᠲᠦ ᠡᠩ ᠤᠨ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠤᠷᠤᠭᠴᠢᠳ ᠤᠨ ᠵᠢᠯ ᠪᠦᠷᠢ ᠶᠢᠨ ᠵᠢᠭᠡᠯᠡᠯᠭᠡ ᠶᠢᠨ ᠲᠤᠭ᠎ᠠ ᠶᠢ 16000 ᠲᠥᠭᠦᠷᠢᠭ ᠠᠴᠠ ᠬᠡᠲᠦᠷᠡᠭᠦᠯᠬᠦ ᠥᠬᠡᠶ ᠪᠣᠯᠲᠠᠯ᠎ᠠ ᠳᠡᠭᠡᠭᠰᠢᠯᠡᠭᠦᠯᠵᠦ᠂ ᠠᠰᠫᠢᠷᠠᠨᠲ ᠤᠨ ᠵᠢᠯ ᠪᠦᠷᠢ ᠶᠢᠨ ᠵᠢᠭᠡᠯᠡᠯᠭᠡ ᠶᠢᠨ ᠲᠤᠭ᠎ᠠ ᠶᠢ 20000 ᠲᠥᠭᠦᠷᠢᠭ ᠠᠴᠠ ᠬᠡᠲᠦᠷᠡᠭᠦᠯᠬᠦ ᠥᠬᠡᠶ ᠪᠣᠯᠲᠠᠯ᠎ᠠ ᠳᠡᠭᠡᠭᠰᠢᠯᠡᠭᠦᠯᠪᠡ︔ ᠡᠭᠦᠨ ᠤ ᠬᠠᠮᠲᠤ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠲᠠᠪᠤᠨ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦ ᠶᠢᠨ ᠨᠣᠷᠮ᠎ᠠ ᠠᠴᠠ 60 ᠰᠠᠭᠤᠷᠢ ᠴᠡᠭ ᠬᠠᠰᠤᠬᠤ ᠪᠣᠯᠭᠠᠨ ᠲᠣᠬᠢᠷᠠᠭᠤᠯᠪᠠ᠃ ᠡᠨᠡ ᠵᠢᠯ ᠤᠯᠤᠰ ᠠᠴᠠ ᠵᠢᠭᠡᠯᠡᠯᠭᠡ ᠵᠢᠬᠡᠯᠡᠭᠰᠡᠨ ᠨᠢᠭᠡᠨᠲᠡ ᠲᠡᠭᠦᠰᠦᠭᠰᠡᠨ ᠰᠣᠷᠣᠭᠴᠢ ᠶᠢᠨ ᠲᠣᠰ ᠵᠢᠯ ᠤᠨ ᠬᠦᠦ ᠮᠥᠩᠭᠦ ᠶᠢ ᠦᠷᠭᠦᠯᠵᠢᠯᠡᠨ ᠭᠡᠯᠳᠦᠷᠢᠭᠦᠯᠦᠨ᠎ᠡ᠂ ᠵᠢᠭᠡᠯᠡᠯᠭᠡ ᠶᠢᠨ ᠡᠬᠡ ᠮᠥᠩᠭᠦ ᠶᠢ ᠴᠦ ᠨᠢᠭᠡ ᠵᠢᠯ ᠬᠤᠶᠢᠰᠢᠯᠠᠭᠤᠯᠤᠨ ᠳᠥᠯᠥᠬᠦ ᠪᠠᠷ ᠭᠤᠶᠤᠴᠢᠯᠠᠵᠤ ᠪᠣᠯᠤᠨ᠎ᠠ᠃ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠭᠤᠤᠯ ᠳᠠᠭᠠᠭᠠᠨ ᠡᠷᠭᠢᠯᠡᠬᠦ ᠪᠠᠩᠬᠢ ᠪᠤᠯᠬᠤ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠬᠢᠨ ᠭᠡᠯᠡᠬᠦ ᠳᠡᠭᠡᠨ᠂ ᠬᠡᠷ ᠤᠨ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠤᠨ ᠵᠢᠭᠡᠯᠡᠯᠭᠡ ᠶᠢᠨ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠬᠠᠩᠭᠠᠨ᠎ᠠ ᠭᠡᠵᠡᠶ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ