ᠭᠠᠷᠠᠭ ᠪᠦᠷᠢ 6 ᠲᠠᠬᠢᠶᠠᠨ ᠥᠨᠳᠡᠭᠡ ᠢᠳᠡᠪᠡᠯ ᠦᠬᠦᠯ ᠤᠨ ᠠᠶᠤᠯ ᠢ 35% ᠪᠠᠷ ᠨᠡᠮᠡᠭᠳᠡᠬᠦᠯᠦᠨ᠎ᠡ  ᠬᠡᠵᠢ ᠤᠤ︖
ᠨᠡᠶᠢᠲᠡᠯᠡᠭᠰᠡᠨ ᠴᠠᠭ᠄
2024/7/17
       ᠣᠳᠣᠬᠠᠨ ᠤ ᠡᠷᠬᠡ ᠰᠦᠷᠲᠦ ︽ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠢᠳᠡᠭᠡᠨ ᠤ ᠵᠦᠭᠯᠡᠭᠦᠷ︾ ︵2022︶ ᠢ ᠦᠨᠳᠦᠰᠦᠯᠡᠪᠡᠯ᠂ ᠡᠷᠡᠭᠦᠯ ᠴᠢᠭᠢᠷᠠᠭ ᠡᠩ ᠤᠨ ᠬᠥᠮᠦᠨ ᠭᠠᠷᠠᠭ ᠪᠦᠷᠢ 300 ~ 350g ᠲᠠᠬᠢᠶᠠᠨ ᠥᠨᠳᠡᠭᠡ ᠢᠳᠡᠵᠦ ᠪᠣᠯᠤᠨ᠎ᠠ᠂ ᠡᠭᠦᠨ ᠢ ᠡᠳᠦᠷ ᠢᠶᠠᠷ ᠨᠤᠭᠤᠯᠤᠨ ᠪᠤᠳᠤᠪᠠᠯ ᠡᠳᠦᠷ ᠪᠦᠷᠢ ᠨᠢᠭᠡ ᠲᠠᠬᠢᠶᠠᠨ ᠥᠨᠳᠡᠭᠡ ᠢᠳᠡᠵᠦ ᠪᠣᠯᠤᠨ᠎ᠠ᠃ ᠭᠡᠪᠡᠴᠦ᠂ ᠲᠠᠬᠢᠶᠠᠨ ᠥᠨᠳᠡᠭᠡ ᠶᠢᠨ ᠾᠣᠯᠧᠰᠲ᠋ᠧᠷ ᠤᠨ ᠠᠭᠤᠯᠤᠭᠳᠠᠴᠠ ᠨᠡᠯᠢᠶᠡᠳ ᠥᠨᠳᠥᠷ᠂ ᠵᠢᠷᠦᠬᠡ ᠴᠢᠰᠤᠨ ᠰᠤᠳᠠᠯ ᠤᠨ ᠡᠪᠡᠳᠴᠢᠲᠡᠨ ᠪᠤᠶᠤ ᠴᠢᠰᠤᠨ ᠤ ᠥᠭᠡᠬᠦ ᠨᠢ ᠪᠠᠷᠢᠮᠵᠢᠶ᠎ᠠ ᠠᠴᠠ ᠬᠡᠲᠦᠷᠡᠭᠰᠡᠨ ᠬᠦᠮᠦᠰ ᠲᠤ ᠠᠪᠴᠤ ᠬᠡᠯᠡᠪᠡᠯ ᠡᠨᠡ ᠰᠠᠭᠤᠷᠢᠨ ᠳᠡᠭᠡᠷ᠎ᠡ ᠪᠠᠶᠢᠳᠠᠯ ᠢ ᠨᠢ ᠦᠵᠡᠵᠦ ᠪᠠᠶᠢᠭᠠᠳ ᠬᠠᠰᠤᠵᠤ ᠪᠣᠯᠤᠨ᠎ᠠ᠃ ᠲᠠᠬᠢᠶᠠᠨ ᠥᠨᠳᠡᠭᠡ ᠶᠢ ᠴᠣᠬᠤᠮ ᠬᠡᠳᠦᠢ ᠢᠳᠡᠬᠦ ᠲᠤᠬᠠᠢ ᠰᠤᠳᠤᠯᠭᠠᠨ ᠮᠠᠰᠢ ᠤᠯᠠᠨ ᠪᠠᠶᠢᠳᠠᠭ᠂ ᠵᠢᠱᠢᠶᠡᠯᠡᠪᠡᠯ ᠵᠠᠷᠢᠮ ᠰᠤᠳᠤᠯᠭᠠᠨ ᠳᠤ ᠭᠠᠷᠠᠭ ᠪᠦᠷᠢ 6 ᠠᠴᠠ ᠲᠡᠭᠡᠭᠰᠢ ᠲᠠᠬᠢᠶᠠᠨ ᠥᠨᠳᠡᠭᠡ ᠢᠳᠡᠪᠡᠯ ᠦᠬᠦᠯ ᠤᠨ ᠪᠦᠬᠦ ᠰᠢᠯᠳᠠᠭᠠᠨ ᠢ ᠨᠡᠮᠡᠭᠳᠡᠭᠦᠯᠤᠨ᠎ᠠ ᠭᠡᠵᠦ ᠭᠡᠯᠡᠵᠦ ᠪᠠᠶᠢᠨ᠎ᠠ᠂ ᠭᠡᠪᠡᠴᠦ ᠠᠮᠧᠷᠢᠺᠠ ᠶᠢᠨ ᠪᠣᠰᠲ᠋ᠤᠨ ᠶᠡᠭᠡ ᠰᠤᠷᠭᠠᠭᠤᠯᠢ ᠶᠢᠨ ᠨᠢᠭᠡᠨ ᠪᠦᠯᠬᠦᠮ ᠪᠠᠰᠠ ᠭᠠᠷᠠᠭ ᠪᠦᠷᠢ ᠠᠳᠠᠭ ᠲᠠᠭᠠᠨ 5 ᠲᠠᠬᠢᠶᠠᠨ ᠥᠨᠳᠡᠭᠡ ᠢᠳᠡᠵᠦ ᠪᠣᠯᠤᠨ᠎ᠠ᠂ ᠢᠡᠭᠭᠢᠪᠡᠯ II ᠬᠡᠯᠪᠡᠷᠢ ᠶᠢᠨ ᠰᠢᠬᠢᠷ ᠰᠢᠵᠢᠩ ᠡᠪᠡᠳᠴᠢᠨ ᠪᠠ ᠴᠢᠰᠤᠨ ᠳᠠᠷᠤᠯᠲᠠ ᠦᠨᠳᠦᠷᠵᠢᠬᠦ ᠡᠪᠡᠳᠴᠢᠨ ᠤᠯᠬᠤ ᠲᠦᠭᠰᠢᠬᠦᠷᠢ ᠶᠢ ᠪᠠᠭᠠᠰᠬᠠᠵᠤ ᠴᠢᠳᠠᠨ᠎ᠠ ᠬᠡᠪᠡ᠂ ᠡᠨᠡ ᠨᠢ ᠵᠥᠪᠬᠡᠨ ᠰᠤᠳᠤᠯᠭᠠᠨ ᠤ ᠠᠩᠬᠠᠷᠤᠯ ᠤᠨ ᠴᠡᠭ ᠠᠳᠠᠯᠢ ᠪᠤᠰᠤ ᠠᠴᠠ ᠪᠣᠯᠤᠭᠰᠠᠨ ᠲᠡᠳᠦᠢ᠂ ᠵᠢᠩᠬᠢᠨᠢ ᠡᠷᠳᠡᠮ ᠰᠢᠨᠵᠢᠯᠡᠭᠡᠨ ᠤ ᠬᠢᠨ ᠳᠤ ᠵᠦᠪᠰᠢᠶᠡᠷᠡᠭᠳᠡᠭᠰᠡᠨ ᠭᠤᠣᠯ ᠦᠵᠡᠯᠲᠡ ᠶᠢ ︽ᠢᠳᠡᠭᠡᠨ ᠤ ᠵᠦᠭᠯᠡᠭᠦᠷ︾ ᠲᠤ ᠪᠢᠴᠢᠵᠦ ᠤᠷᠤᠭᠤᠯᠳᠠᠭ ᠶᠤᠮ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ