ᠠᠮᠠᠷᠬᠠᠨ ᠢᠶᠠᠷ ᠠᠦ᠋ᠲ᠋ᠣ᠋ ᠰᠦᠳᠭᠡᠯ ᠬᠤᠷᠢᠶᠠᠬᠤ ᠁ ᠵᠡᠷᠭᠡ ᠶᠢᠨ ᠤᠷᠠᠬᠠᠨ ᠳᠤ ᠮᠠᠰᠢ ᠣᠯᠠᠨ ᠬᠥᠮᠦᠨ ᠤᠨᠠᠪᠠ︕
ᠨᠡᠶᠢᠲᠡᠯᠡᠭᠰᠡᠨ ᠴᠠᠭ᠄
2024/7/17
       ᠭᠡᠰᠢᠭᠦᠨ ᠪᠣᠯᠵᠤ ᠳᠡᠰ ᠲᠡᠪᠰᠢᠬᠦ ᠶᠢᠨ ᠬᠠᠮᠳᠤ ᠦᠢᠯᠡᠴᠢᠯᠡᠭᠡ ᠨᠡᠭᠡᠭᠡᠬᠦ ᠴᠢᠳᠠᠮᠵᠢ ᠶᠢ ᠪᠤᠷᠤᠭᠤ ᠬᠢᠭᠰᠡᠨ ᠢᠶᠠᠷ ᠰᠢᠭᠤᠳ ᠰᠦᠢᠳᠭᠡᠯ ᠬᠤᠷᠢᠶᠠᠭᠳᠠᠳᠠᠭ︔ ᠣᠬᠤᠷ ᠬᠤᠭᠤᠴᠠᠭᠠᠨ ᠤ ᠭᠡᠰᠢᠭᠦᠨ ᠤ ᠬᠠᠷᠠᠭᠠᠯᠵᠠᠯ ᠢ ᠣᠶᠢᠯᠠᠭᠠᠶ᠎ᠠ ᠭᠡᠵᠦ ᠪᠠᠶᠢᠲᠠᠯ᠎ᠠ᠂ ᠬᠠᠷᠢᠨ ᠪᠠᠶᠢᠳᠠᠯ ᠢ ᠮᠡᠳᠡᠬᠦ ᠥᠬᠡᠶ ᠪᠠᠷ ᠦᠢᠯᠡᠴᠢᠯᠡᠭᠡᠨ ᠤ ᠬᠡᠯᠡᠯᠴᠡᠭᠡᠷ ᠲᠠᠬᠢ ᠠᠦ᠋ᠲ᠋ᠣ᠋ ᠰᠦᠢᠳᠭᠡᠯ ᠬᠤᠷᠢᠶᠠᠬᠤ ᠶᠢᠨ ᠰᠣᠩᠭᠤᠯᠲᠠ ᠶᠢ ᠮᠡᠳᠡᠬᠦ ᠦᠭᠡᠢ ᠪᠠᠷ ᠰᠤᠩᠭᠤᠵᠦ᠂ ᠰᠦᠢᠳᠭᠡᠯ ᠰᠠᠭᠤᠯᠭᠠᠨ ᠠᠪᠬᠤ ᠲᠠᠢ ᠵᠡᠷᠭᠡ ᠰᠠᠶ᠋ᠢ ᠮᠡᠳᠡᠳᠡᠭ ᠁ ᠵᠠᠷᠢᠮ APP ᠪᠠ ᠲᠠᠪᠴᠠᠩ ᠨᠢ ᠦᠷᠭᠦᠯᠵᠢ ︽ᠠᠩᠬ᠎ᠠ ᠤᠳᠠᠭ᠎ᠠ ᠰᠦᠢᠳᠬᠡᠯ ᠬᠤᠷᠢᠶᠠᠬᠤ ᠥᠬᠡᠶ ᠪᠠᠷ ᠲᠤᠷᠰᠢᠨ ᠬᠡᠷᠡᠭᠯᠡᠵᠦ ᠪᠤᠯᠤᠨ᠎ᠠ︾᠂ ︽ᠵᠠᠯᠭᠠᠭ᠎ᠠ ᠪᠠᠷ ᠰᠠᠷ᠎ᠠ ᠪᠠᠷ ᠳᠠᠭᠠᠭᠠᠴᠢᠯᠠᠬᠤ / ᠵᠢᠯ ᠢᠶᠠᠷ ᠳᠠᠭᠠᠭᠠᠴᠢᠯᠠᠬᠤ ᠬᠠᠷᠠᠭᠠᠯᠵᠠᠯ︾ ᠵᠡᠷᠭᠡ ︽ᠠᠰᠠᠷᠠᠮᠵᠢ︾ ᠪᠠᠷ ᠬᠡᠷᠡᠭᠯᠡᠭᠴᠢᠳ ᠢ ᠤᠷᠮᠠᠰᠢᠭᠤᠯᠤᠨ ᠲᠠᠲᠠᠵᠤ ᠪᠤᠢ᠂ ᠬᠡᠷᠡᠭᠯᠡᠭᠴᠢᠳ ᠤᠷᠠᠬᠠᠨ ᠳᠤ ᠤᠨᠠᠬᠰᠠᠨ ᠤ ᠬᠤᠶᠢᠨ᠎ᠡ ᠰᠠᠶ᠋ᠢ ︽ᠮᠡᠭᠡᠯᠡᠭᠳᠡᠭᠰᠡᠨ︾ ᠭᠡᠳᠡᠭ ᠢᠶᠠᠨ ᠣᠯᠵᠤ ᠮᠡᠳᠡᠳᠡᠭ᠃       ᠣᠶᠢᠷ᠎ᠠ ᠳᠤ᠂ ᠳᠡᠭᠡᠷ᠎ᠡ ᠳᠤᠷᠠᠳᠤᠭᠰᠠᠨ ᠠᠰᠠᠭᠤᠳᠠᠯ ᠳᠤ ᠣᠷᠢᠶᠠᠭᠳᠠᠵᠤ ᠪᠠᠶᠢᠭᠰᠠᠨ ᠬᠡᠷᠡᠭᠯᠡᠭᠴᠢᠳ ᠡᠴᠦᠰ ᠲᠡᠭᠡᠨ ᠰᠠᠶᠢᠨ ᠴᠢᠮᠡᠭᠡ ᠤᠯᠵᠤ ᠠᠪᠤᠪᠠ᠃ 7 ᠰᠠᠷ᠎ᠠ ᠶᠢᠨ 1 ᠤ ᠡᠳᠦᠷ ᠵᠢᠩᠬᠢᠨᠢ ᠪᠠᠷ ᠬᠡᠷᠡᠭᠵᠢᠭᠦᠯᠦᠭᠰᠡᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠳᠦᠷᠢᠮ︾ ᠳᠤ᠂ ᠡᠵᠡᠩᠨᠡᠭᠴᠢᠳ ᠨᠢ ᠠᠶᠠᠨᠳᠠᠭᠠᠨ ᠬᠤᠭᠤᠴᠠᠭ᠎ᠠ ᠶᠢ ᠤᠷᠲᠤᠳᠬᠠᠬᠤ᠂ ᠠᠶᠠᠨᠳᠠᠭᠠᠨ ᠰᠦᠢᠳᠭᠡᠯ ᠬᠤᠷᠢᠶᠠᠬᠤ  ᠢ ᠤᠷᠲᠤᠳᠬᠠᠬᠤ ᠵᠡᠷᠭᠡ ᠠᠷᠭ᠎ᠠ ᠬᠡᠯᠪᠡᠷᠢ ᠪᠠᠷ ᠦᠢᠯᠡᠴᠢᠯᠡᠭᠡ ᠬᠠᠩᠭᠠᠬᠤ ᠳᠤ ᠬᠦᠷᠪᠡᠯ᠂ ᠬᠡᠷᠡᠭᠯᠡᠭᠴᠢᠳ ᠲᠤ ᠦᠢᠯᠡᠴᠢᠯᠡᠭᠡ ᠬᠦᠯᠢᠶᠡᠬᠦ ᠠᠴᠠ ᠡᠮᠦᠨ᠎ᠡ ᠪᠠ ᠠᠶᠠᠨᠳᠠᠭᠠᠨ ᠬᠤᠭᠤᠴᠠᠭ᠎ᠠ ᠶᠢ ᠤᠷᠲᠤᠳᠬᠠᠬᠤ᠂ ᠠᠶᠠᠨᠳᠠᠭᠠᠨ ᠰᠦᠢᠳᠭᠡᠯ ᠢ ᠤᠷᠲᠤᠳᠬᠠᠬᠤ ᠵᠡᠷᠭᠡ ᠡᠳᠦᠷ ᠠᠴᠠ ᠡᠮᠦᠨ᠎ᠡ᠂ ᠢᠯᠡᠷᠬᠡᠶ ᠠᠷᠭ᠎ᠠ ᠮᠠᠶ᠋ᠢᠭ ᠢᠶᠠᠷ ᠠᠩᠬᠠᠷᠤᠭᠤᠯᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃       ᠡᠨᠡ ᠲᠤᠬᠠᠶ ᠠᠵᠢᠯ ᠲᠥᠷᠥᠯ ᠤᠨ ᠬᠥᠮᠦᠰ᠂ ᠲᠣᠰ ᠲᠦᠷᠢᠮ ᠨᠢ ᠡᠵᠡᠩᠨᠡᠭᠴᠢ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠤᠭᠰᠠᠨ ᠪᠣᠯᠬᠤᠷ ᠡᠨᠡᠬᠦ ᠰᠠᠮᠠᠭᠤᠨ ᠦᠵᠡᠭᠳᠡᠯ ᠢ ᠬᠤᠷᠢᠭᠯᠠᠬᠤ ᠪᠣᠯᠤᠮᠵᠢ ᠲᠠᠢ ᠪᠠᠶᠢᠨ᠎ᠠ᠃ ᠡᠭᠦᠨ ᠤ ᠬᠠᠮᠲᠤ᠂ ︽ᠢᠯᠡᠷᠬᠡᠶ ᠠᠷᠭ᠎ᠠ ᠮᠠᠶ᠋ᠢᠭ ᠢᠶᠠᠷ ᠬᠡᠷᠡᠭᠯᠡᠭᠴᠢᠳ ᠲᠤ ᠠᠩᠬᠠᠷᠤᠭᠤᠯᠬᠤ ᠭᠡᠷᠡᠭᠳᠡᠢ︾ ᠭᠡᠳᠡᠭ ᠠᠷᠭ᠎ᠠ ᠮᠠᠶ᠋ᠢᠭ ᠨᠢ ᠪᠠᠶᠢᠳᠠᠯ ᠢ ᠮᠡᠳᠡᠬᠦ ᠡᠷᠬᠡ ᠪᠠ ᠰᠣᠩᠭᠤᠬᠤ ᠡᠷᠬᠡ ᠶᠢ ᠬᠡᠷᠡᠭᠯᠡᠭᠴᠢᠳ ᠲᠤ ᠪᠤᠴᠠᠭᠠᠨ ᠦᠭᠭᠦ ᠪᠤᠯᠤᠨ᠎ᠠ ᠭᠡᠵᠦ ᠵᠢᠭᠠᠵᠤ ᠭᠠᠷᠭᠠᠪᠠ᠃       ᠬᠡᠷᠡᠭᠯᠡᠭᠴᠢᠳ ᠲᠤ ᠠᠪᠴᠤ ᠬᠡᠯᠡᠪᠡᠯ᠂ ᠠᠦ᠋ᠲ᠋ᠣ᠋ ᠰᠦᠢᠳᠭᠡᠯ ᠬᠤᠷᠢᠶᠠᠬᠤ ᠶᠢ ᠵᠥᠪᠰᠢᠶᠡᠷᠡᠬᠦ ᠴᠢᠳᠠᠮᠵᠢ ᠶᠢ ᠭᠠᠷᠭᠠᠬᠰᠠᠨ ᠨᠢ ᠨᠠᠩ ᠲᠥᠬᠦᠮ᠂ ᠨᠠᠩ ᠠᠰᠢᠭᠲᠠᠶ ᠪᠣᠯᠭᠠᠬᠤ ᠶᠢᠨ ᠲᠥᠯᠥᠭᠡ ᠶᠤᠮ᠃ ᠭᠡᠲᠡᠯ᠎ᠡ ᠣᠶᠢᠷ᠎ᠠ ᠶᠢᠨ ᠵᠢᠯ ᠳᠤ APP ᠪᠣᠯᠤᠨ ᠲᠠᠪᠴᠠᠩ ᠤᠨ ᠠᠷᠭ᠎ᠠ ᠪᠠᠷᠢᠯ ᠨᠢ ᠤᠯᠠᠮ ᠣᠯᠠᠨ ᠶᠠᠩᠵᠤ ᠶᠢᠨ ᠤᠷᠠᠬ᠎ᠠ ᠲᠠᠢ ᠪᠣᠯᠵᠣ᠂ ᠮᠠᠰᠢ ᠣᠯᠠᠨ ᠬᠡᠷᠡᠭᠯᠡᠭᠴᠢᠳ ᠨᠢ ᠴᠥᠮ ᠬᠡᠰᠡᠭ ᠡᠵᠡᠩᠨᠡᠭᠴᠢᠳ ᠤᠨ ︽ᠨᠢᠭᠤᠴᠠ ᠰᠤᠮᠤ︾ ᠳᠤ ᠤᠨᠤᠬᠳᠠᠨ ᠰᠢᠷᠬᠠᠲᠤᠵᠠᠶ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ