7 ᠰᠠᠷ᠎ᠠ ᠶᠢᠨ 15 ᠤ ᠡᠳᠦᠷ ᠠᠴᠠ ᠡᠬᠢᠯᠡᠨ ᠰᠢᠨ᠎ᠡ ᠲᠢᠲᠢᠮᠯᠢᠭ ᠡᠪᠡᠳᠴᠢᠨ ᠤ ᠸᠢᠷᠦ᠋ᠰ ᠤᠨ ᠸᠠᠺᠼᠢᠨ ᠤ ᠲᠠᠷᠢᠯᠭ᠎ᠠ ᠶᠢ ᠦᠪᠡᠷ ᠤᠨ ᠰᠦᠢᠳᠭᠡᠯ ᠢᠶᠠᠷ  ᠢᠶᠠᠨ ᠲᠠᠷᠢᠨ᠎ᠠ
ᠨᠡᠶᠢᠲᠡᠯᠡᠭᠰᠡᠨ ᠴᠠᠭ᠄
2024/7/17
       ᠣᠶᠢᠷ᠎ᠠ ᠳᠤ᠂ ᠣᠯᠠᠨ ᠭᠠᠵᠠᠷ ᠤᠨ ᠡᠮᠨᠡᠯᠭᠡ ᠶᠢᠨ ᠬᠤᠷᠢᠶ᠎ᠠ ᠵᠢᠴᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠮᠡᠳᠡᠭᠳᠡᠯ ᠨᠡᠶᠢᠲᠡᠯᠡᠵᠦ᠂ 2024 ᠣᠨ ᠤ 7 ᠰᠠᠷ᠎ᠠ ᠶᠢᠨ 15 ᠤ ᠡᠳᠦᠷ ᠠᠴᠠ ᠡᠬᠢᠯᠡᠨ᠂ ᠰᠢᠨ᠎ᠡ ᠲᠢᠲᠢᠮᠯᠢᠭ ᠡᠪᠡᠳᠴᠢᠨ ᠤ ᠸᠢᠷᠦ᠋ᠰ ᠤᠨ ᠸᠠᠺᠼᠢᠨ ᠤ ᠲᠠᠷᠢᠯᠭ᠎ᠠ ᠶᠢ ᠰᠦᠢᠳᠭᠡᠯ ᠬᠤᠷᠢᠶᠠᠬᠤ ᠥᠬᠡᠶ ᠪᠠᠷ ᠳᠠᠷᠢᠬᠤ ᠲᠥᠷᠥ ᠶᠢᠨ ᠪᠣᠳᠣᠯᠭ᠎ᠠ ᠶᠢ ᠥᠪᠡᠷ ᠤᠨ ᠰᠦᠢᠳᠭᠡᠯ ᠢᠶᠠᠷ ᠢᠶᠠᠨ ᠲᠠᠷᠢᠬᠤ ᠪᠤᠯᠭᠠᠨ ᠳᠣᠭᠢᠷᠠᠭᠤᠯᠤᠨ᠎ᠡ ᠬᠡᠪᠡ᠃       7 ᠰᠠᠷ᠎ᠠ ᠶᠢᠨ 11 ᠤ ᠡᠳᠦᠷ᠂ ᠠᠷᠠᠳ ᠤᠨ ᠡᠳᠦᠷ ᠤᠨ ᠰᠣᠨᠢᠨ ᠤ ᠡᠷᠡᠭᠦᠯ ᠮᠡᠨᠳᠦ ᠶᠢᠨ ᠵᠤᠴᠢᠨ ᠡᠷᠦᠬᠡ ᠶᠢᠨ ᠰᠤᠪᠠᠭ ᠤᠨ ᠰᠤᠷᠪᠤᠯᠵᠢᠯᠠᠭᠴᠢ ᠪᠡᠭᠡᠵᠢᠩ᠂ ᠰᠧᠴᠤᠸᠠᠨ᠂ ᠹᠦᠵᠢᠶᠠᠨ᠂ ᠱᠠᠨᠳᠦ᠋ᠩ ᠵᠡᠷᠭᠡ ᠭᠠᠵᠠᠷ ᠤᠨ ᠡᠮᠨᠡᠯᠭᠡ ᠶᠢᠨ ᠬᠤᠷᠢᠶ᠎ᠠ ᠵᠢᠴᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠠᠴᠠ ᠣᠢᠯᠠᠭᠠᠬᠰᠠᠨ ᠢᠶᠠᠷ᠂ ᠳᠡᠭᠡᠳᠦ ᠱᠠᠲᠤᠨ ᠤ ᠮᠡᠳᠡᠭᠳᠡᠯ ᠢ ᠦᠨᠡᠨ ᠬᠦ ᠤᠯᠵᠠᠢ᠂ ᠮᠡᠳᠡᠭᠳᠡᠯ ᠳᠤ 7 ᠰᠠᠷ᠎ᠠ ᠶᠢᠨ 15 ᠤ ᠡᠳᠦᠷ ᠠᠴᠠ ᠡᠬᠢᠯᠡᠨ ᠰᠢᠨ᠎ᠡ ᠲᠢᠲᠢᠮᠯᠢᠭ ᠡᠪᠡᠳᠴᠢᠨ ᠤ ᠸᠢᠷᠦ᠋ᠰ ᠤᠨ ᠸᠠᠺᠼᠢᠨ ᠤ ᠲᠠᠷᠢᠯᠭ᠎ᠠ ᠶᠢ ᠰᠦᠢᠳᠭᠡᠯ ᠬᠤᠷᠢᠶᠠᠬᠤ ᠦᠭᠡᠢ ᠪᠠᠷ ᠲᠠᠷᠢᠬᠤ ᠪᠠᠨ ᠪᠤᠯᠢᠨ᠎ᠠ ᠭᠡᠪᠡ᠂ ᠭᠡᠪᠡᠴᠦ ᠲᠠᠷᠠᠭ᠎ᠠ ᠪᠠᠷ ᠶᠠᠭᠠᠬᠢᠵᠦ ᠰᠦᠢᠳᠭᠡᠯ ᠬᠤᠷᠢᠶᠠᠬᠤ ᠵᠡᠷᠭᠡ ᠪᠣᠳᠠᠲᠠᠢ ᠠᠷᠭ᠎ᠠ ᠬᠡᠮᠵᠢᠶ᠎ᠡ ᠶᠢᠨ ᠲᠤᠬᠠᠢ ᠲᠠᠬᠢᠨ ᠮᠡᠳᠡᠭᠳᠡᠯ ᠥᠭᠬᠦ ᠶᠢ ᠬᠦᠯᠢᠶᠡᠬᠦ ᠬᠡᠷᠡᠭᠲᠡᠢ ᠪᠠᠶᠢᠨ᠎ᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ